ᠰᠢ ᠵᠢᠨ ᠫᠢᠩ ᠳᠤᠮᠳᠠᠳᠤ ᠤᠯᠤᠰ ᠤᠨ ᠳᠠᠷᠢᠶᠠᠯᠠᠩ ᠤᠨ ᠤᠬᠠᠭᠠᠨ ᠤ ᠨᠡᠶᠢᠬᠡᠮᠯᠢᠭ᠌ ᠪᠠᠶᠢᠭᠤᠯᠤᠭᠳᠠᠭᠰᠠᠨ 100 ᠵᠢᠯ ᠤᠨ ᠤᠢ ᠳᠤ ᠪᠠᠶᠠᠷ ᠤᠨ ᠵᠠᠬᠢᠶ᠎ᠠ ᠢᠯᠡᠬᠡᠵᠡᠢ 2017-12-13 09:39

ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠭᠡ

ᠰᠢ ᠵᠢᠨ ᠫᠢᠩ ᠳᠤᠮᠳᠠᠳᠤ ᠤᠯᠤᠰ ᠤᠨ ᠳᠠᠷᠢᠶᠠᠯᠠᠩ ᠤᠨ ᠤᠬᠠᠭᠠᠨ ᠤ ᠨᠡᠶᠢᠬᠡᠮᠯᠢᠭ᠌ ᠪᠠᠶᠢᠭᠤᠯᠤᠭᠳᠠᠭᠰᠠᠨ 100 ᠵᠢᠯ ᠤᠨ ᠤᠢ ᠳᠤ ᠪᠠᠶᠠᠷ ᠤᠨ ᠵᠠᠬᠢᠶ᠎ᠠ ᠢᠯᠡᠬᠡᠪᠡ

    ᠳᠤᠮᠳᠠᠳᠤ ᠤᠯᠤᠰ ᠤᠨ ᠳᠠᠷᠢᠶᠠᠯᠠᠩ ᠤᠨ ᠤᠬᠠᠭᠠᠨ ᠤ ᠨᠡᠶᠢᠬᠡᠮᠯᠢᠭ᠌ ᠪᠠᠶᠢᠭᠤᠯᠤᠭᠳᠠᠭᠰᠠᠨ 100 ᠵᠢᠯ ᠤᠨ ᠤᠢ ᠳᠤ ᠪᠠᠶᠠᠷ ᠲᠤ ᠳᠤᠬᠢᠶᠠᠯᠳᠤᠭᠤᠯᠤᠨ ᠪᠢ ᠳᠤᠮᠳᠠᠳᠤ ᠤᠯᠤᠰ ᠤᠨ ᠳᠠᠷᠢᠶᠠᠯᠠᠩ ᠤᠨ ᠤᠬᠠᠭᠠᠨ ᠤ ᠨᠡᠶᠢᠬᠡᠮᠯᠢᠭ᠌ ᠤᠨ ᠪᠦᠬᠦ ᠨᠦᠬᠦᠳ᠂ ᠦᠷᠬᠡᠨ ᠤᠯᠠᠨ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠢᠯᠳᠠᠨ ᠳᠤ ᠬᠠᠯᠠᠭᠤᠨ ᠪᠠᠶᠠᠷ ᠪᠠ ᠳᠤᠳᠤᠨᠤ ᠮᠡᠨᠳᠦᠴᠢᠯᠡᠯ ᠬᠦᠷᠬᠡᠵᠤ ᠪᠠᠶᠢᠨ᠎ᠠ!

    ᠳᠤᠮᠳᠠᠳᠤ ᠤᠯᠤᠰ ᠤᠨ ᠳᠠᠷᠢᠶᠠᠯᠠᠩ ᠤᠨ ᠤᠬᠠᠭᠠᠨ ᠤ ᠨᠡᠶᠢᠬᠡᠮᠯᠢᠭ᠌ ᠪᠤᠯ ᠮᠠᠨ ᠤ ᠤᠯᠤᠰ ᠤᠨ ᠤᠷᠳᠤ ᠤᠳᠠᠭᠠᠨ ᠳᠡᠤᠬᠡ ᠲᠠᠢ ᠳᠠᠷᠢᠶᠠᠯᠠᠩ ᠦᠢᠯᠡᠰ ᠤᠨ ᠡᠷᠳᠡᠮ ᠰᠢᠨᠵᠢᠯᠡᠬᠡᠨ ᠤ ᠰᠢᠨᠵᠢᠳᠡᠢ ᠤᠯᠠᠨ ᠳᠦᠮᠡᠨ ᠤ ᠵᠤᠬᠢᠶᠠᠨ ᠪᠠᠶᠢᠭᠤᠯᠤᠯᠳᠠ ᠪᠤᠯᠬᠤ ᠶᠤᠮ᠂ ᠮᠦᠨ ᠴᠤ ᠳᠤᠮᠳᠠᠳᠤ ᠤᠯᠤᠰ ᠤᠨ ᠤᠶᠢᠷ᠎ᠠ ᠤᠳᠤ ᠦᠶ᠎ᠡ ᠶᠢᠨ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠦᠭᠵᠢᠯᠳᠡ ᠶᠢᠨ ᠤᠷᠤᠯᠴᠠᠭᠴᠢ ᠬᠢᠬᠡᠳ ᠠᠬᠢᠭᠤᠯᠤᠭᠴᠢ ᠪᠤᠯᠤᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠴᠡ ᠨᠠᠰᠢ᠂ ᠤᠨᠴᠠᠭᠠᠶᠢᠯᠠᠨ ᠦᠬᠡᠷᠡᠴᠢᠯᠡᠯᠳᠡ ᠨᠡᠬᠡᠬᠡᠯᠳᠡ ᠬᠢᠭᠰᠡᠨ ᠡᠴᠡ ᠨᠠᠰᠢ ᠳᠤᠮᠳᠠᠳᠤ ᠤᠯᠤᠰ ᠤᠨ ᠳᠠᠷᠢᠶᠠᠯᠠᠩ ᠤᠨ ᠤᠬᠠᠭᠠᠨ ᠤ ᠨᠡᠶᠢᠬᠡᠮᠯᠢᠭ᠌ ᠨᠢ ᠨᠠᠮ ᠤᠨ ᠳᠦᠪ ᠬᠤᠷᠢᠶᠠᠨ ᠤ 《ᠬᠦᠳᠡᠬᠡ ᠳᠤᠰᠬᠤᠨ᠂ ᠬᠦᠳᠡᠬᠡ ᠠᠵᠤ ᠠᠬᠤᠢ᠂ ᠳᠠᠷᠢᠶᠠᠴᠢᠨ》 ᠤ ᠠᠵᠢᠯ ᠤᠨ ᠳᠦᠷᠦ ᠶᠢᠨ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠳᠠᠪᠰᠢᠯᠳᠠ ᠪᠠ ᠳᠠᠷᠢᠶᠠᠯᠠᠩ ᠬᠦᠳᠡᠬᠡ ᠳᠤᠰᠬᠤᠨ ᠤ ᠤᠳᠤᠬᠢᠴᠢᠯᠠᠯᠳᠠ ᠶᠢ ᠠᠬᠢᠭᠤᠯᠬᠤ ᠪᠡᠷ ᠡᠬᠦᠷᠬᠡ ᠬᠠᠷᠢᠭᠤᠴᠠᠯᠭ᠎ᠠ ᠪᠡᠨ ᠪᠤᠯᠭᠠᠵᠤ᠂ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠡᠬᠦᠳᠦᠯᠳᠡ ᠲᠠᠢ ᠬᠦᠭᠵᠢᠯᠳᠡ ᠬᠢᠬᠡᠳ ᠳᠡᠯᠬᠡᠷᠡᠩᠬᠦᠢ ᠬᠡᠷᠡᠭᠯᠡᠬᠡ ᠶᠢ ᠢᠳᠡᠪᠬᠢᠳᠡᠢ ᠠᠬᠢᠭᠤᠯᠵᠤ᠂ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠴᠢᠳᠠᠪᠤᠷᠢᠳᠠᠨ ᠢ ᠬᠦᠮᠦᠵᠢᠬᠦᠯᠬᠦ ᠳᠤ ᠢᠳᠡᠪᠬᠢᠳᠡᠢ ᠠᠵᠢᠯᠯᠠᠨ᠂ ᠮᠠᠨ ᠤ ᠤᠯᠤᠰ ᠤᠨ 《ᠬᠦᠳᠡᠬᠡ ᠳᠤᠰᠬᠤᠨ᠂ ᠬᠦᠳᠡᠬᠡ ᠠᠵᠤ ᠠᠬᠤᠢ᠂ ᠳᠠᠷᠢᠶᠠᠴᠢᠨ》 ᠤ ᠠᠵᠢᠯ ᠦᠢᠯᠡᠰ ᠤᠨ ᠬᠦᠭᠵᠢᠯᠳᠡ ᠳᠤ ᠭᠤᠤᠯ ᠴᠢᠬᠤᠯᠠ ᠬᠦᠴᠦᠨ ᠪᠤᠯᠤᠭᠰᠠᠨ ᠶᠤᠮ᠃

    ᠤᠳᠤᠬᠠᠨ ᠳᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠵᠠᠢ᠃ ᠰᠢᠶᠠᠩ ᠳᠤᠰᠬᠤᠨ ᠤ ᠰᠡᠷᠬᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠠᠬᠢᠭᠤᠯᠬᠤ᠂ ᠳᠠᠷᠢᠶᠠᠯᠠᠩ ᠤᠨ ᠪᠤᠬᠢᠷᠳᠤᠯ ᠦᠬᠡᠢ ᠬᠦᠭᠵᠢᠯᠳᠡ ᠶᠢ ᠠᠬᠢᠭᠤᠯᠬᠤ᠂ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠬᠦᠨᠵᠡᠬᠡᠶᠢᠷᠡᠬᠦᠯᠬᠦ᠂ ᠦᠷᠬᠡᠨ ᠤᠯᠠᠨ ᠮᠠᠯᠴᠢᠨ ᠳᠠᠷᠢᠶᠠᠴᠢᠨ ᠤ ᠠᠮᠢᠳᠤᠷᠠᠯ ᠤᠨ ᠬᠢᠷᠢ ᠳᠦᠪᠰᠢᠨ ᠢ ᠳᠡᠬᠡᠭᠰᠢᠯᠡᠬᠦᠯᠬᠦ᠂ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ  ᠬᠢᠬᠡᠳ ᠳᠠᠷᠢᠶᠠᠯᠠᠩ ᠬᠦᠳᠡᠬᠡ ᠳᠤᠰᠬᠤᠨ ᠤ ᠴᠢᠳᠠᠪᠤᠷᠢᠳᠠᠨ ᠤ ᠡᠩᠨᠡᠬᠡᠨ ᠤ ᠪᠠᠶᠢᠭᠤᠯᠤᠯᠳᠠ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠶᠤᠮ᠃ ᠳᠤᠮᠳᠠᠳᠤ ᠤᠯᠤᠰ ᠤᠨ ᠳᠠᠷᠢᠶᠠᠯᠠᠩ ᠤᠨ ᠤᠬᠠᠭᠠᠨ ᠤ ᠨᠡᠶᠢᠬᠡᠮᠯᠢᠭ᠌ ᠨᠢ ᠤᠯᠠᠮᠵᠢᠯᠠᠯ ᠢᠶᠡᠨ ᠪᠠᠳᠠᠷᠠᠭᠤᠯᠵᠤ᠂ ᠴᠠᠭ ᠦᠶ᠎ᠡ ᠲᠠᠢ ᠵᠡᠷᠬᠡᠪᠡᠷ ᠤᠷᠤᠭᠰᠢᠯᠠᠨ᠂ ᠡᠶ᠎ᠡ ᠨᠢᠬᠡᠳᠦᠯ ᠲᠠᠢ ᠪᠡᠷ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠠᠯᠪᠤᠷᠢ ᠳ᠋ᠡᠬᠢ ᠦᠷᠬᠡᠨ ᠤᠯᠠᠨ ᠠᠵᠢᠯᠳᠠᠨ ᠢ ᠤᠳᠤᠷᠢᠳᠤᠨ ᠳᠠᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠡ ᠶᠢ ᠡᠬᠦᠳᠬᠦ ᠳᠠᠯᠠᠪᠤᠷ ᠤᠷᠤᠭᠤ ᠴᠡᠷᠢᠭᠯᠡᠵᠤ᠂ ᠮᠠᠨ ᠤ ᠤᠯᠤᠰ ᠤᠨ 《ᠬᠦᠳᠡᠬᠡ ᠳᠤᠰᠬᠤᠨ᠂ ᠬᠦᠳᠡᠬᠡ ᠠᠵᠤ ᠠᠬᠤᠢ᠂ ᠳᠠᠷᠢᠶᠠᠴᠢᠨ》 ᠤ ᠠᠵᠢᠯ ᠦᠢᠯᠡᠰ ᠤᠨ ᠬᠦᠭᠵᠢᠯᠳᠡ ᠳᠤ ᠨᠡᠩ ᠶᠡᠬᠡ ᠡᠬᠦᠷᠬᠡ ᠬᠦᠢᠴᠡᠳᠬᠡᠨ᠂ 《ᠬᠤᠤᠰ ᠵᠠᠭᠤᠨ ᠵᠢᠯ》 ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠨᠤᠬᠦᠳ ᠤᠨ ᠠᠭᠤᠤ ᠶᠡᠬᠡ ᠰᠡᠷᠬᠦᠨ ᠮᠠᠨᠳᠤᠯᠳᠠ ᠪᠤᠯᠬᠤ ᠳᠤᠮᠳᠠᠳᠤ ᠶᠢᠨ ᠮᠦᠷᠦᠬᠡᠳᠦᠯ ᠢ ᠪᠡᠶᠡᠯᠡᠬᠦᠯᠬᠦ ᠳᠤ ᠰᠢᠨ᠎ᠡ ᠨᠢᠬᠡᠨ ᠬᠦᠴᠦᠨ ᠨᠡᠮᠡᠷᠢᠯᠡᠬᠦ ᠶᠢ ᠬᠦᠰᠡᠵᠤ ᠪᠤᠢ᠃

        ᠰᠢ ᠵᠢᠨ ᠫᠢᠩ

           2017 ᠤᠨ ᠤ 12 ᠰᠠᠷ᠎ᠠ ᠶᠢᠨ 12 ᠤᠨ ᠡᠳᠦᠷ

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122102725