ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳ᠋ᠤ ᠬᠤᠷᠠᠯᠲᠤᠪᠠ 2017-12-21 17:48

    ᠰᠢᠨᠬᠤᠸᠠ ᠬᠤᠷᠢᠶ᠎ᠠ   ᠪᠡᠭᠡᠵᠢᠩ ᠤᠨ 12 ᠰᠠᠷ᠎ᠠ ᠶᠢᠨ 20 ᠤ᠋ ᠡᠲᠦᠷ ᠤᠨ ᠴᠠᠬᠢᠯᠭᠠᠨ ᠮᠡᠳᠡᠭᠡ   ᠲᠦᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 18 ᠡᠴᠡ 20 ᠤ ᠡᠳᠦᠷ ᠪᠤᠯᠳᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠤᠤ ᠯᠢ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠭᠦᠨ ᠯᠢ ᠵᠠᠨ ᠱᠤ᠂ ᠸᠠᠩ ᠶᠠᠩ᠂ ᠸᠠᠩ ᠬᠤ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠤᠷᠤᠯᠴᠠᠪᠠ᠃      

    ᠰᠢ ᠶᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠤ᠂ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠠᠵᠤ ᠠᠬᠤᠢ ᠶᠢᠨ ᠬᠦᠭ᠍ᠵᠢᠯᠳᠡ ᠶᠢᠨ ᠶᠠᠪᠤᠴᠠ ᠶᠢ ᠳ᠋ᠦᠩᠨᠡᠵᠦ᠂ ᠤᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ 2018 ᠤᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠯᠢ ᠺᠧ ᠴᠢᠶᠠᠩ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠬᠢᠭ᠍ᠰᠡᠨ ᠪᠦᠭᠡᠳ ᠳ᠋ᠦᠩᠨᠡᠯᠳᠡ ᠶᠢᠨ ᠶᠠᠷᠢᠶ᠎ᠠ ᠲᠠᠯᠪᠢᠵᠠᠢ᠃  

    ᠬᠤᠷᠠᠯ ᠠᠴᠠ᠂ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠠᠵᠤ ᠠᠬᠤᠢ ᠶᠢᠨ ᠬᠦᠭ᠍ᠵᠢᠯᠳᠡ ᠲᠡᠦᠬᠡᠳᠦ ᠴᠢᠨᠠᠷᠳᠠᠢ ᠠᠮᠵᠢᠯᠳᠠ ᠤᠯᠵᠤ᠂ ᠲᠡᠦᠬᠡᠳᠦ ᠴᠢᠨᠠᠷᠳᠠᠢ ᠬᠤᠪᠢᠰᠤᠯᠳᠠ ᠭᠠᠷᠴᠤ᠂ ᠪᠤᠰᠤᠳ ᠬᠦᠷᠢᠶᠡᠨ ᠤ ᠦᠭᠡᠷᠡᠴᠢᠯᠡᠯᠳᠡ ᠬᠦᠭ᠍ᠵᠢᠯᠳᠡ ᠳᠤ ᠴᠢᠬᠤᠯᠠ ᠪᠦᠬᠦᠢ ᠪᠤᠳᠠᠰ ᠤᠨ ᠨᠦᠬᠦᠴᠡᠯ ᠬᠠᠩᠭ᠋ᠠᠪᠠ᠃ ᠠᠵᠤ ᠠᠬᠤᠢ ᠶᠢᠨ ᠪᠤᠳᠠᠳᠤ ᠬᠦᠴᠦᠨ ᠳᠠᠬᠢᠨ ᠰᠢᠨ᠎ᠠ ᠳᠡᠭᠳᠡᠷ ᠲᠤ ᠭᠠᠷᠴᠤ᠂ ᠠᠵᠤ ᠠᠬᠤᠢ ᠵᠢᠯ ᠳᠤᠮᠳᠠᠴᠢ ᠪᠠᠷ 7.1% ᠪᠡᠷ ᠨᠡᠮᠡᠭᠳᠡᠨ ᠪᠦᠬᠦ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠤᠯ ᠬᠦᠳᠡᠯᠭᠡᠬᠦ ᠬᠦᠴᠦᠨ ᠪᠠ ᠳᠤᠭᠳᠠᠭᠤᠨ ᠬᠦᠴᠦᠨ ᠪᠤᠯᠪᠠ᠃ ᠠᠵᠤ ᠠᠬᠤᠢ ᠶᠢᠨ ᠪᠦᠲᠦᠴᠡ ᠳᠤ ᠴᠢᠬᠤᠯᠠ ᠶᠡᠭᠡ ᠬᠤᠪᠢᠰᠤᠯᠳᠠ ᠭᠠᠷᠴᠤ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠤᠨ ᠬᠠᠩᠭ᠋ᠠᠯᠭ᠎ᠠ  ᠬᠡᠷᠡᠭᠴᠡᠭᠡᠨ ᠤ ᠲᠡᠩᠴᠡᠭᠦᠷᠢ ᠶᠢ ᠠᠬᠢᠭᠤᠯᠪᠠ᠃ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠦᠷᠭᠦᠯᠵᠢᠯᠡᠨ ᠠᠬᠢᠵᠤ᠂ ᠠᠵᠤ ᠠᠬᠤᠢ ᠨᠡᠩ ᠢᠯᠡᠭᠦᠦ ᠠᠮᠢᠵᠢᠷᠠᠯ ᠤᠨ ᠬᠦᠴᠦᠨ ᠪᠠ ᠳᠠᠭᠠᠭᠠᠮᠠᠭᠠᠢ ᠴᠢᠨᠠᠷᠳᠠᠢ ᠪᠤᠯᠵᠠᠢ᠃ ᠭᠠᠳᠠᠭᠠᠳᠦ ᠨᠡᠭᠡᠭᠡᠯᠳᠡ ᠭᠦᠨᠵᠡᠭᠡᠶᠢᠷᠡᠨ ᠬᠦᠭ᠍ᠵᠢᠵᠦ᠂ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ ᠶᠢ ᠳᠤᠷᠠᠳᠤᠭᠰᠠᠨ ᠪᠦᠭᠡᠳ ᠲᠦᠯᠬᠢᠨ ᠠᠬᠢᠭᠤᠯᠵᠤ᠂ ᠠᠵᠤ ᠠᠬᠤᠢ ᠶᠢᠨ ᠳᠡᠯᠡᠬᠡᠶᠢᠵᠢᠯᠳᠠ ᠶᠢᠨ ᠵᠦᠪ ᠴᠢᠭᠯᠡᠯ ᠢᠶᠠᠷ ᠬᠦᠭ᠍ᠵᠢᠬᠦ ᠶᠢ ᠢᠳᠡᠪᠬᠢᠳᠠᠢ ᠳᠠᠭᠠᠭᠤᠯᠪᠠ᠃ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠮᠡᠳᠡᠭᠳᠡᠮ᠎ᠠ ᠨᠡᠮᠡᠭᠳᠡᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠢᠳᠪᠤᠷᠢᠳᠦ ᠴᠢᠨᠠᠷᠳᠠᠢ ᠠᠬᠢᠯᠳᠠ ᠤᠯᠵᠤ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠲᠡᠩᠴᠡᠭᠦᠷᠢᠰᠢᠬᠦ ᠲᠦᠪᠰᠢᠨ ᠲᠠᠰᠤᠷᠠᠯᠳᠠ ᠦᠭᠡᠢ ᠳᠡᠭᠡᠭ᠍ᠰᠢᠯᠡᠵᠦ᠂ ᠳᠡᠯᠡᠬᠡᠢ ᠳᠡᠭᠡᠷᠡᠬᠢ ᠬᠦᠮᠦᠨ ᠠᠮᠠ ᠪᠠᠷ ᠬᠠᠮᠤᠭ ᠤᠨ ᠤᠯᠠᠨ ᠲᠤᠮᠲᠠ ᠵᠡᠷᠭᠡ ᠶᠢᠨ ᠤᠷᠤᠯᠭ᠎ᠠ ᠲᠠᠢ ᠬᠦᠮᠦᠰ ᠤᠨ ᠴᠤᠭᠴᠠ ᠶᠢ ᠪᠦᠷᠢᠯᠳᠦᠭᠦᠯᠪᠡ᠃ ᠠᠮᠢ ᠠᠬᠤᠢ ᠶᠢᠨ ᠤᠷᠴᠢᠨ ᠲᠤᠭᠤᠷᠢᠨ ᠤ ᠤᠬᠠᠮᠰᠠᠷ ᠮᠡᠳᠡᠭᠳᠡᠮ᠎ᠠ ᠰᠠᠶᠢᠵᠢᠷᠠᠵᠤ᠂ ᠠᠮᠢ ᠠᠬᠤᠢ ᠶᠢᠨ ᠪᠤᠯᠪᠠᠰᠤᠨ ᠢ ᠠᠬᠢᠭᠤᠯᠬᠤ ᠡᠷᠴᠢ ᠵᠤᠷᠢᠭ ᠤᠨ ᠶᠡᠭᠡ᠂ ᠬᠦᠴᠦᠯᠡᠴᠡ ᠶᠢᠨ ᠶᠡᠭᠡ᠂ ᠠᠮᠵᠢᠯᠳᠠ ᠪᠦᠲᠦᠮᠵᠢ ᠶᠢᠨ ᠶᠡᠭᠡ ᠪᠠᠷ ᠴᠦᠮ ᠤᠷᠢᠳᠤ ᠡᠮᠦᠨ᠎ᠠ ᠭᠠᠷᠤᠭ᠎ᠠ ᠦᠭᠡᠢ ᠪᠠᠶᠢᠵᠤ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯᠯᠠᠭ᠎ᠠ ᠢᠯᠡᠳᠳᠡ ᠠᠮᠵᠢᠯᠳᠠ ᠪᠦᠲᠦᠮᠵᠢ ᠤᠯᠵᠠᠢ ᠭᠡᠪᠡ᠃     

    ᠬᠤᠷᠠᠯ ᠠᠴᠠ᠂ 5 ᠵᠢᠯ ᠤᠨ ᠲᠤᠷᠰᠢ᠂ ᠪᠢᠳᠡ ᠶᠡᠭᠡ ᠪᠠᠶᠢᠳᠠᠯ ᠢ ᠠᠵᠢᠬᠤ᠂ ᠪᠦᠬᠦ ᠲᠠᠯ᠎ᠠ ᠶᠢ ᠲᠦᠯᠦᠪᠯᠡᠬᠦ᠂ ᠪᠤᠳᠠᠳᠤ ᠶᠠᠪᠤᠳᠠᠯ ᠬᠢᠬᠦ ᠶᠢ ᠪᠠᠷᠢᠮᠳᠠᠯᠠᠵᠤ᠂ ᠮᠠᠨ ᠤ ᠤᠯᠤᠰ ᠤᠨ ᠠᠵᠤ ᠠᠬᠤᠢ ᠶᠢᠨ ᠬᠦᠭ᠍ᠵᠢᠯᠳᠡ ᠶᠢᠨ ᠶᠡᠭᠡ ᠲᠠᠯ᠎ᠠ ᠶᠢ ᠠᠮᠵᠢᠯᠳᠠ ᠲᠠᠢ ᠡᠵᠡᠮᠳᠡᠨ᠂ ᠦᠢᠯᠡᠳᠦᠯᠭᠡ ᠳᠤᠮᠳᠠ ᠪᠠᠨ ᠰᠢᠨ᠎ᠠ ᠬᠦᠭ᠍ᠵᠢᠯᠳᠡ ᠶᠢᠨ ᠤᠢᠢᠯᠠᠭᠠᠭᠳᠠᠬᠤᠨ ᠢᠶᠠᠷ ᠭᠤᠤᠯ ᠠᠭᠤᠯᠭ᠎ᠠ ᠪᠤᠯᠭᠠᠭᠰᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠤᠢ ᠪᠤᠯᠭᠠᠪᠠ᠃ ᠪᠢᠳᠡ ᠨᠠᠮ ᠤᠨ ᠠᠵᠤ ᠠᠬᠤᠢ ᠶᠢᠨ ᠠᠵᠢᠯ ᠳᠠᠬᠢ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠴᠢᠩᠭ᠋ᠠᠳᠬᠠᠬᠤ ᠶᠢ ᠪᠠᠷᠢᠮᠳᠠᠯᠠᠵᠤ᠂ ᠮᠠᠨ ᠤ ᠤᠯᠤᠰ ᠤᠨ ᠠᠵᠤ ᠠᠬᠤᠢ ᠶᠢᠨ ᠵᠦᠪ ᠴᠢᠭᠯᠡᠯ ᠢᠶᠠᠷ ᠬᠦᠭ᠍ᠵᠢᠬᠦ ᠶᠢ ᠪᠠᠳᠤᠯᠠᠨ᠎ᠠ; ᠠᠷᠠᠳ  ᠲᠦᠮᠡᠨ ᠢᠶᠠᠷ ᠭᠤᠤᠯ ᠪᠤᠯᠭᠠᠬᠤ ᠬᠦᠭ᠍ᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ᠲᠠᠪᠤ ᠶᠢ ᠨᠢᠭᠡ ᠴᠤᠭᠴᠠᠵᠢᠭᠤᠯᠬᠤ  ᠶᠡᠷᠦᠩᠬᠡᠢ ᠪᠠᠶᠢᠷᠢᠰᠢᠭᠤᠯᠤᠯᠳᠠ ᠪᠤᠯᠤᠨᠳᠦᠷᠪᠡᠨ ᠪᠦᠬᠦ ᠲᠠᠯ᠎ᠠᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠨᠢᠭᠡᠳᠤᠯᠳᠠᠢ ᠲᠦᠯᠦᠪᠵᠢᠭᠦᠯᠦᠨ ᠠᠬᠢᠭᠤᠯᠬᠤ ᠳᠤ ᠠᠭᠤᠰᠬᠠᠨ ᠲᠤᠤᠱᠯᠠᠭᠤᠯᠤᠨ᠎ᠠ; ᠠᠵᠤ ᠠᠬᠤᠢ ᠶᠢᠨ ᠬᠦᠭ᠍ᠵᠢᠯᠳᠡ ᠶᠢᠨ ᠰᠢᠨ᠎ᠠ ᠬᠡᠪ ᠪᠠᠶᠢᠳᠠᠯ ᠳᠤ ᠵᠤᠬᠢᠴᠠᠬᠤ ᠪᠦᠭᠡᠳ ᠲᠡᠭᠦᠨ ᠢ ᠡᠵᠡᠮᠳᠡᠨ ᠳᠠᠭᠠᠭᠤᠯᠬᠤ ᠶᠢ ᠪᠠᠷᠢᠮᠳᠠᠯᠠᠵᠤ᠂ ᠶᠡᠭᠡ ᠪᠠᠶᠢᠳᠠᠯ ᠳᠤ ᠵᠤᠭᠰᠤᠨ ᠵᠢᠮ᠎ᠠ ᠬᠠᠤᠯᠢ ᠢ ᠨᠢ ᠡᠵᠡᠮᠳᠡᠨ᠎ᠠ; ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠬᠤᠪᠢᠶᠠᠷᠢᠯᠠᠯᠳᠠ ᠳᠤ ᠰᠢᠢᠳᠪᠤᠷᠢᠳᠦ ᠴᠢᠨᠠᠷᠲᠠᠢ ᠦᠢᠯᠡᠳᠦᠯ ᠢᠶᠠᠨ ᠪᠠᠳᠠᠷᠠᠭᠤᠯᠬᠤ ᠶᠢ ᠪᠠᠷᠢᠮᠳᠠᠯᠠᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠦᠷ ᠪᠠᠳᠠᠷᠠᠭᠤᠯᠤᠨ ᠠᠵᠤ ᠠᠬᠤᠢ ᠶᠢᠨ ᠬᠦᠭ᠍ᠵᠢᠯᠳᠡ ᠶᠢᠨ ᠪᠠᠶᠢᠭᠤᠯᠤᠮᠵᠢ ᠳᠤᠭᠳᠠᠴᠠ ᠶᠢᠨ ᠬᠠᠷᠰᠢ ᠰᠠᠭᠠᠳ ᠢ ᠡᠷᠡᠰ ᠠᠷᠢᠯᠭᠠᠨ᠎ᠠ; ᠮᠠᠨ ᠤ ᠤᠯᠤᠰ ᠤᠨ ᠠᠵᠤ ᠠᠬᠤᠢ ᠶᠢᠨ ᠬᠦᠭ᠍ᠵᠢᠯᠳᠡ ᠶᠢᠨ ᠭᠤᠤᠯ ᠵᠦᠷᠢᠴᠡᠯ ᠤᠨ ᠬᠤᠪᠢᠷᠠᠯᠳᠠ ᠳᠤ ᠵᠤᠬᠢᠴᠠᠨ ᠬᠤᠷᠸ᠎ᠠ ᠡᠵᠡᠮᠰᠢᠯ ᠳᠤᠬᠢᠷᠠᠭᠤᠯᠭ᠎ᠠ ᠪᠠᠨ ᠲᠡᠭᠦᠯᠳᠡᠷᠵᠢᠭᠦᠯᠬᠦ ᠶᠢ ᠪᠠᠷᠢᠮᠳᠠᠯᠠᠵᠤ᠂ ᠠᠵᠠ ᠳᠤᠬᠢᠶᠠᠯ ᠢ ᠦᠵᠡᠨ ᠰᠤᠩᠭ᠋ᠤᠯᠲᠠ ᠬᠢᠵᠦ ᠵᠦᠪ ᠤᠨᠤᠪᠴᠢᠳᠠᠢ ᠵᠤᠷ ᠭᠠᠷᠭᠠᠨ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠶᠢ ᠠᠵᠤ ᠠᠬᠤᠢ ᠶᠢᠨ ᠠᠵᠢᠯ ᠤᠨ ᠭᠤᠤᠯ ᠱᠤᠭᠤᠮ ᠢᠶᠠᠨ ᠪᠤᠯᠭᠠᠨ᠎ᠠ; ᠠᠰᠠᠭᠤᠳᠠᠯ ᠢᠶᠡᠷ ᠤᠳᠤᠷᠢᠳᠤᠮᠵᠢ ᠪᠤᠯᠭᠠᠵᠤ ᠠᠵᠤ ᠠᠬᠤᠢ ᠶᠢᠨ ᠬᠦᠭ᠍ᠵᠢᠯᠳᠡ ᠶᠢᠨ ᠰᠢᠨ᠎ᠠ ᠪᠠᠶᠢᠯᠳᠤᠬᠤ ᠪᠤᠳᠤᠯᠭ᠎ᠠ ᠪᠠᠨ ᠪᠠᠶᠢᠷᠢᠯᠠᠭᠤᠯᠬᠤ ᠪᠠᠨ ᠪᠠᠷᠢᠮᠳᠠᠯᠠᠵᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠦᠭ᠍ᠵᠢᠯᠳᠡ ᠶᠢᠨ ᠬᠤᠪᠢᠰᠤᠯᠳᠠ ᠳᠤ ᠭᠦᠨ ᠬᠦᠨᠵᠡᠭᠡᠢ ᠠᠯᠤᠰ ᠬᠡᠳᠦ ᠶᠢᠨ ᠨᠦᠯᠦᠭᠡ ᠦᠵᠡᠭᠦᠯᠦᠨ᠎ᠠ; ᠵᠦᠪ ᠤᠨᠤᠪᠴᠢᠳᠠᠢ ᠠᠵᠢᠯ ᠤᠨ ᠠᠷᠭ᠎ᠠ ᠪᠤᠳᠤᠯᠭ᠎ᠠ ᠪᠤᠯᠤᠨ ᠠᠷᠭ᠎ᠠ ᠬᠡᠯᠪᠡᠷᠢ ᠶᠢ ᠪᠠᠷᠢᠮᠳᠠᠯᠠᠵᠤ᠂ ᠳᠤᠭᠳᠠᠭᠤᠨ ᠤ ᠳᠤᠮᠳᠠ ᠤᠷᠤᠭᠰᠢᠯᠠᠨ ᠳᠠᠪᠰᠢᠵᠤ ᠪᠠᠶᠢᠯᠳᠤᠬᠤ ᠪᠤᠳᠤᠯᠭ᠎ᠠ ᠶᠢᠨ ᠳᠤᠭᠳᠠᠯ ᠬᠦᠴᠦᠨ ᠢᠶᠠᠨ ᠪᠠᠳᠤᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠤ ᠨᠢᠭᠡ ᠨᠢᠭᠡ ᠠᠯᠬᠤᠮ ᠢᠶᠠᠷ ᠯᠠᠪᠳᠠᠭᠤᠨ ᠪᠠᠳᠤᠳᠠᠢ ᠤᠷᠤᠭᠰᠢᠯᠠᠨ ᠳᠠᠪᠰᠢᠨ᠎ᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠵᠤ ᠠᠬᠤᠢ ᠶᠢᠨ ᠦᠵᠡᠯ ᠰᠠᠨᠠᠭ᠎ᠠ ᠪᠤᠯ 5 ᠵᠢᠯ ᠤᠨ ᠲᠤᠷᠰᠢᠬᠢ ᠮᠠᠨ ᠤ ᠤᠯᠤᠰ ᠤᠨ ᠠᠵᠤ ᠠᠬᠤᠢ ᠶᠢᠨ ᠬᠦᠭ᠍ᠵᠢᠯᠳᠡ ᠶᠢᠨ ᠦᠢᠯᠡᠳᠦᠯᠭᠡ ᠶᠢ ᠠᠬᠢᠭᠤᠯᠤᠭᠰᠠᠨ ᠤᠨᠤᠯ ᠤᠨ ᠤᠬᠢ ᠳᠠᠯᠠᠰᠳᠤ ᠮᠦᠨ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠬᠠᠮᠤᠭ ᠤᠨ ᠰᠢᠨ᠎ᠠ ᠦᠷ᠎ᠠ ᠪᠦᠲᠦᠭᠡᠯ ᠮᠦᠨ᠂ ᠨᠠᠮ ᠪᠠ ᠤᠯᠤᠰ ᠤᠨ ᠲᠦᠢᠯ ᠤᠨ ᠬᠤᠪᠤᠷ ᠨᠠᠨᠳᠢᠨ ᠤᠶᠤᠨ ᠰᠠᠨᠠᠭᠠᠨ ᠤ ᠦᠪ ᠬᠦᠷᠦᠩᠭᠡ ᠮᠦᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠵᠤ ᠲᠠᠰᠤᠷᠠᠯᠳᠠ ᠦᠭᠡᠢ ᠪᠠᠶᠠᠯᠢᠭᠵᠢᠭᠤᠯᠬᠤ ᠬᠡᠷᠡᠭᠳᠠᠢ ᠭᠡᠵᠦ ᠵᠢᠭᠠᠵᠤ ᠭᠠᠷᠭᠠᠪᠠ᠃     

    ᠬᠤᠷᠠᠯ ᠠᠴᠠ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠰᠢᠨ᠎ᠠ ᠴᠠᠬ ᠦᠶ᠎ᠠ ᠳᠤ ᠤᠷᠤᠵᠦ᠂ ᠮᠠᠨ ᠤ ᠤᠯᠤᠰ ᠤᠨ ᠠᠵᠦ ᠠᠬᠤᠢ ᠶᠢᠨ ᠬᠦᠭ᠍ᠵᠢᠯᠳᠡ ᠴᠤ ᠰᠢᠨ᠎ᠠ ᠴᠠᠬ ᠦᠶ᠎ᠠ ᠳᠤ ᠤᠷᠤᠵᠠᠢ᠂ ᠦᠨᠳᠦᠰᠦᠨ ᠤᠨᠴᠠᠯᠢᠬ ᠨᠢ ᠬᠡᠪᠡᠯ᠂ ᠮᠠᠨ ᠤ ᠤᠯᠤᠰ ᠤᠨ ᠠᠵᠤ ᠠᠬᠤᠢ ᠨᠢᠬᠡᠨᠳᠡ ᠳᠡᠭᠡᠳᠦ ᠬᠤᠷᠳᠤᠴᠠ ᠪᠠᠷ ᠨᠡᠮᠡᠭᠳᠡᠵᠦ ᠪᠠᠶᠢᠬᠰᠡᠨ ᠱᠠᠳᠤᠨ ᠠᠴᠠ ᠪᠠᠨ ᠴᠢᠨᠠᠷ ᠰᠠᠶᠢᠳᠠᠢ ᠬᠦᠭ᠍ᠵᠢᠬᠦ ᠱᠠᠳᠤᠨ ᠳᠤ ᠰᠢᠯᠵᠢᠨ ᠤᠷᠤᠪᠠ᠃ ᠴᠢᠨᠠᠷ ᠰᠠᠶᠢᠳᠠᠢ ᠬᠦᠭ᠍ᠵᠢᠯᠳᠡ ᠶᠢ ᠠᠬᠢᠭᠤᠯᠬᠤ ᠪᠤᠯ ᠠᠵᠦ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭ᠍ᠵᠢᠬᠦ ᠶᠢ ᠪᠠᠳᠤᠯᠠᠬᠤ ᠵᠠᠶᠢᠯᠠᠰᠢ ᠦᠬᠡᠢ ᠱᠠᠭᠠᠷᠳᠠᠯᠭ᠎ᠠ ᠮᠦᠨ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠳᠤ ᠵᠤᠬᠢᠴᠠᠬᠤ ᠪᠠ ᠴᠢᠨᠡᠬᠡᠯᠢᠭ᠌ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠶᠢᠨ ᠵᠠᠶᠢᠯᠠᠰᠢ ᠦᠬᠡᠢ ᠱᠠᠭᠠᠷᠳᠠᠯᠭ᠎ᠠ ᠮᠦᠨ᠂ ᠠᠵᠤ ᠠᠬᠤᠢ ᠶᠢᠨ ᠵᠢᠮ᠎ᠠ ᠶᠤᠰᠤ ᠶᠢ ᠵᠢᠷᠤᠮᠯᠠᠨ ᠬᠦᠭ᠍ᠵᠢᠬᠦ ᠶᠢᠨ ᠵᠠᠶᠢᠯᠠᠰᠢ ᠦᠬᠡᠢ ᠱᠠᠭᠠᠷᠳᠠᠯᠭ᠎ᠠ ᠮᠦᠨ᠃ ᠴᠢᠨᠠᠷ ᠰᠠᠶᠢᠳᠠᠢ ᠬᠦᠭ᠍ᠵᠢᠯᠳᠡ ᠶᠢ ᠠᠬᠢᠭᠤᠯᠬᠤ ᠨᠢ ᠤᠳᠤᠬᠠᠨ ᠤ ᠪᠠ ᠬᠤᠶᠢᠰᠢᠳᠠ ᠶᠢᠨ ᠨᠢᠬᠡ ᠬᠤᠭᠤᠴᠠᠭᠠᠨ ᠤ ᠬᠦᠭ᠍ᠵᠢᠯᠳᠡ ᠶᠢᠨ ᠰᠡᠳᠬᠢᠮᠵᠢ ᠶᠢ ᠳᠤᠬᠳᠠᠭᠠᠬᠤ᠂ ᠠᠵᠦ ᠠᠬᠤᠢ ᠶᠢᠨ ᠳᠦᠷᠦ ᠶᠢᠨ ᠪᠤᠳᠤᠯᠭ᠎ᠠ ᠶᠢ ᠳᠤᠬᠳᠠᠭᠠᠬᠤ᠂ ᠬᠤᠷᠸ᠎ᠠ ᠡᠵᠡᠮᠰᠢᠯ ᠳᠤᠬᠢᠷᠠᠭᠤᠯᠭ᠎ᠠ ᠶᠢ ᠬᠡᠷᠡᠭᠵᠢᠬᠦᠯᠬᠦ ᠶᠢᠨ ᠦᠨᠳᠦᠰᠦᠨ ᠱᠠᠭᠠᠷᠳᠠᠯᠭ᠎ᠠ ᠪᠤᠯᠬᠤ ᠤᠴᠢᠷ ᠠᠴᠠ ᠡᠷᠬᠡᠪᠰᠢ ᠴᠢᠨᠠᠷ ᠰᠠᠶᠢᠳᠠᠢ ᠬᠦᠭ᠍ᠵᠢᠯᠳᠡ ᠶᠢᠨ ᠵᠢᠭᠠᠯᠳᠠ ᠳᠤᠭᠠᠨ ᠤ ᠰᠢᠰᠲ᠋ᠧᠮ᠂ ᠲᠦᠷᠦ ᠶᠢᠨ ᠪᠤᠳᠤᠯᠭ᠎ᠠ ᠶᠢᠨ ᠰᠢᠰᠲ᠋ᠧᠮ᠂ ᠪᠠᠷᠢᠮᠵᠢᠶᠠᠨ ᠤ ᠰᠢᠰᠲ᠋ᠧᠮ᠂ ᠳᠤᠭ᠎ᠠ ᠪᠦᠷᠢᠳᠬᠡᠯ ᠤᠨ ᠰᠢᠰᠲ᠋ᠧᠮ᠂ ᠠᠵᠢᠯ ᠤᠨ ᠠᠮᠵᠢᠯᠳᠠ ᠪᠦᠳᠦᠮᠵᠢ ᠶᠢᠨ ᠰᠢᠰᠲ᠋ᠧᠮ᠂ ᠤᠯᠤᠰ ᠳᠦᠷᠦ ᠶᠢᠨ ᠠᠮᠵᠢᠯᠳᠠ ᠪᠦᠳᠦᠮᠵᠢ ᠶᠢᠨ ᠬᠢᠨᠠᠨ ᠰᠢᠯᠭᠠᠯᠳᠠ ᠶᠢ ᠳᠠᠷᠤᠢ ᠳᠦᠷᠬᠡᠨ ᠪᠦᠷᠢᠯᠳᠤᠬᠦᠯᠤᠨ ᠠᠬᠢᠭᠤᠯᠵᠦ᠂ ᠳᠦᠷᠢᠮ ᠤᠨ ᠤᠷᠴᠢᠨ ᠳᠤᠭᠤᠷᠢᠨ ᠢ ᠪᠠᠶᠢᠭᠤᠯᠤᠨ ᠳᠡᠬᠦᠯᠳᠡᠷᠵᠢᠬᠦᠯᠵᠦ᠂ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠳᠠᠢ ᠬᠦᠭ᠍ᠵᠢᠯᠳᠡ ᠶᠢ ᠪᠡᠶᠡᠯᠡᠬᠦᠯᠬᠦ ᠳᠠᠯ᠎ᠠ ᠪᠠᠷ ᠳᠠᠰᠤᠷᠠᠯᠳᠠ ᠦᠬᠡᠢ ᠰᠢᠨ᠎ᠠ ᠠᠬᠢᠯᠳᠠ ᠤᠯᠬᠤ ᠶᠢ ᠠᠬᠢᠭᠤᠯᠬᠤ ᠬᠡᠷᠡᠭᠳᠡᠢ ᠭᠡᠪᠡ᠃

    ᠬᠤᠷᠠᠯ ᠠᠴᠠ᠂ 2018 ᠤᠨ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠳᠤᠤᠱᠯᠠᠭᠤᠯᠬᠤ ᠡᠬᠢᠨ ᠤ ᠵᠢᠯ᠂ ᠦᠬᠡᠷᠡᠴᠢᠯᠡᠯᠳᠡ ᠨᠡᠬᠡᠬᠡᠯᠳᠡ ᠬᠢᠭ᠍ᠰᠡᠨ 40 ᠵᠢᠯ ᠤᠨ ᠤᠢ᠂ ᠴᠢᠨᠡᠬᠡᠯᠢᠭ᠌ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ᠠᠷᠪᠠᠨ ᠭᠤᠷᠪᠠᠳᠤᠭᠠᠷ ᠳᠠᠪᠤᠨ ᠵᠢᠯ》 ᠤ᠋ᠨ ᠳᠦᠯᠦᠪᠵᠢᠬᠦᠯᠬᠡ ᠶᠢ ᠬᠡᠷᠡᠭᠵᠢᠬᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠡᠮ ᠨᠡᠬᠡᠬᠡᠬᠦ ᠵᠠᠩᠬᠢᠯᠠᠭ᠎ᠠ ᠶᠢᠨ ᠨᠢᠬᠡ ᠵᠢᠯ ᠮᠦᠨ᠃ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ ᠡᠷᠬᠡᠪᠰᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭ᠋ᠠᠳᠬᠠᠵᠤ᠂ ᠳᠤᠬᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ᠌ ᠠᠶᠠᠰ ᠢ ᠪᠠᠷᠢᠮᠳᠠᠯᠠᠵᠦ᠂ ᠰᠢᠨ᠎ᠠ ᠬᠦᠭ᠍ᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠦ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢ ᠪᠠᠳᠤ ᠡᠵᠡᠮᠰᠢᠵᠦ᠂ ᠴᠢᠨᠠᠷ ᠰᠠᠶᠢᠳᠠᠢ ᠬᠦᠭ᠍ᠵᠢᠯᠳᠡ ᠶᠢᠨ ᠱᠠᠭᠠᠷᠳᠠᠯᠭ᠎ᠠ ᠶᠤᠰᠤᠭᠠᠷᠳᠠᠪᠤ ᠶᠢ ᠨᠢᠬᠡ ᠴᠤᠬᠴᠠᠵᠢᠭᠤᠯᠬᠤᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦᠳᠦᠷᠪᠡᠨ ᠪᠦᠬᠦ ᠳᠠᠯ᠎ᠠᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠬᠠᠩᠭ᠋ᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠢᠶᠠᠨ ᠪᠤᠯᠭᠠᠵᠦ᠂ ᠨᠡᠮᠡᠭᠳᠡᠯ ᠢ ᠳᠤᠭᠳᠠᠭᠤᠨ ᠪᠤᠯᠭᠠᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠢ ᠬᠠᠷᠠᠭᠠᠯᠵᠠᠬᠤ᠂ ᠠᠶᠤᠯ ᠳᠦᠭᠰᠢᠬᠦᠷᠢ ᠶᠢ ᠰᠡᠷᠬᠡᠶᠢᠯᠡᠬᠦ ᠵᠡᠷᠬᠡ ᠡᠯ᠎ᠠ ᠳᠦᠷᠦᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ᠂ ᠦᠬᠡᠷᠡᠴᠢᠯᠡᠯᠳᠡ ᠨᠡᠬᠡᠬᠡᠯᠳᠡ ᠶᠢ ᠬᠦᠴᠦᠯᠡᠨ ᠠᠬᠢᠭᠤᠯᠵᠦ᠂ ᠬᠤᠷᠸ᠎ᠠ ᠡᠵᠡᠮᠰᠢᠯ ᠳᠤᠬᠢᠷᠠᠭᠤᠯᠭ᠎ᠠ ᠶᠢ ᠰᠢᠨᠡᠴᠢᠯᠡᠨ ᠳᠡᠬᠦᠯᠳᠡᠷᠵᠢᠬᠦᠯᠵᠦ᠂ ᠶᠠᠰᠤ ᠴᠢᠨᠠᠷ ᠤᠨ ᠬᠤᠪᠢᠰᠤᠯ᠂ ᠦᠷ᠎ᠠ ᠪᠦᠲᠦᠮᠵᠢ ᠶᠢᠨ ᠬᠤᠪᠢᠰᠤᠯ᠂ ᠬᠦᠳᠡᠯᠬᠡᠬᠦ ᠬᠦᠴᠦᠨ ᠤ ᠬᠤᠪᠢᠰᠦᠯ ᠢ ᠠᠬᠢᠭᠤᠯᠵᠦ᠂ ᠬᠦᠨᠳᠦ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠬᠦ᠂ ᠤᠨᠢᠨ ᠳᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ ᠵᠡᠷᠬᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠳᠠᠯ᠎ᠠ ᠪᠠᠷ ᠯᠠᠪᠳᠠᠭᠤᠨ ᠪᠠᠳᠤᠳᠠᠢ ᠠᠬᠢᠯᠳᠠ ᠲᠠᠢ ᠪᠤᠯᠵᠦ᠂ ᠵᠢᠱᠢᠯᠳᠠ ᠶᠢ ᠵᠢᠯᠤᠭᠤᠳᠤᠨ ᠳᠤᠬᠳᠠᠪᠤᠷᠢᠵᠢᠭᠤᠯᠵᠦ᠂ ᠠᠷᠠᠳ ᠤᠨ ᠠᠮᠢᠳᠤᠷᠠᠯ ᠢ ᠴᠢᠩᠭ᠋ᠠᠳᠬᠠᠨ ᠰᠠᠶᠢᠵᠢᠷᠠᠭᠤᠯᠵᠦ᠂ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭ᠍ᠵᠢᠬᠦ ᠶᠢ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃       

    ᠬᠤᠷᠠᠯ ᠠᠴᠠ᠂ ᠳᠤᠬᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ᠌ ᠠᠶᠠᠰ ᠪᠤᠯ ᠳᠦᠷᠦ ᠶᠢ ᠵᠠᠰᠠᠵᠦ ᠵᠠᠰᠠᠬ ᠢ ᠡᠷᠬᠢᠯᠡᠬᠦ ᠴᠢᠬᠤᠯᠠ ᠵᠠᠷᠴᠢᠮ ᠪᠤᠯᠤᠨ᠎ᠠ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠬᠡᠷᠡᠭᠳᠡᠢ᠃ᠳᠤᠬᠳᠠᠭᠤᠨ ᠪᠠᠶᠢᠯᠭᠠᠬᠤᠪᠡᠤᠷᠤᠬᠰᠢᠯᠠᠨ ᠳᠠᠪᠰᠢᠬᠤᠨᠢ ᠬᠤᠪᠢᠰᠤᠩᠭ᠋ᠤᠢ ᠨᠢᠬᠡᠳᠦᠮᠡᠯ ᠴᠢᠨᠠᠷᠳᠠᠢ ᠶᠤᠮ᠂ ᠡᠷᠬᠡᠪᠰᠢ ᠨᠢᠬᠡ ᠪᠦᠬᠦᠯᠢ ᠴᠤᠬᠴᠠ ᠪᠤᠯᠭᠠᠨ ᠠᠳᠬᠤᠵᠦ᠂ ᠠᠵᠢᠯ ᠤᠨ ᠠᠶᠢᠵᠠᠮ ᠪᠤᠯᠤᠨ ᠡᠷᠴᠢᠮ ᠢ ᠰᠠᠶᠢᠳᠤᠷ ᠡᠵᠡᠮᠳᠡᠬᠦ ᠬᠡᠷᠡᠭᠳᠡᠢ᠃ ᠡᠯ᠎᠎ᠠ ᠳᠦᠷᠦᠯ ᠤᠨ ᠳᠦᠷᠦ ᠶᠢᠨ ᠪᠤᠳᠤᠯᠭ᠎ᠠ ᠶᠢ ᠨᠢᠬᠡᠳᠦᠯᠳᠡᠢ ᠳᠦᠯᠦᠪᠵᠢᠬᠦᠯᠵᠦ ᠳᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠᠨ ᠴᠢᠩᠭ᠋ᠠᠳᠬᠠᠬᠤ ᠬᠡᠷᠡᠭᠳᠡᠢ᠃ ᠢᠳᠡᠪᠬᠢᠳᠡᠢ ᠡᠳ᠋ ᠤᠨ ᠵᠠᠰᠠᠭ ᠤᠨ ᠳᠦᠷᠦ ᠶᠢᠨ ᠪᠤᠳᠤᠯᠭ᠎ᠠ ᠶᠢᠨ ᠬᠠᠨᠳᠤᠰᠢ ᠶᠢ ᠬᠤᠪᠢᠷᠠᠭᠤᠯᠬᠤ ᠦᠬᠡᠢ ᠪᠠᠶᠢᠵᠤ᠂ ᠡᠳ᠋ ᠤᠨ ᠵᠠᠰᠠᠬ ᠤᠨ ᠵᠠᠷᠤᠯᠭ᠎ᠠ ᠶᠢᠨ ᠪᠦᠳᠦᠴᠡ ᠶᠢ ᠳᠤᠬᠢᠷᠠᠭᠤᠯᠤᠨ ᠰᠢᠯᠢᠳᠡᠭᠵᠢᠬᠦᠯᠵᠦ᠂ ᠭᠤᠤᠯᠳᠠᠯᠭ᠎ᠠ ᠲᠠᠢ ᠬᠦᠷᠢᠶ᠎ᠠ ᠪᠤᠯᠤᠨ ᠳᠦᠷᠦᠯ ᠵᠦᠢᠯ ᠢ ᠳᠡᠮᠵᠢᠬᠦ ᠡᠷᠴᠢᠮ ᠢᠶᠠᠨ ᠦᠨᠡᠨᠬᠦ ᠪᠠᠳᠤᠯᠠᠵᠦ᠂ ᠡᠩ ᠤᠨ ᠵᠠᠷᠤᠯᠭ᠎ᠠ ᠶᠢ ᠪᠠᠭᠠᠰᠬᠠᠨ ᠤᠷᠤᠨ ᠨᠤᠳᠤᠬ ᠤᠨ ᠵᠠᠰᠠᠬ ᠤᠨ ᠤᠷᠳᠤᠨ ᠤ ᠦᠷᠢ ᠦᠭᠴᠡᠬᠡᠨ ᠤ ᠬᠠᠮᠢᠶᠠᠷᠤᠯᠳᠠ ᠶᠢ ᠦᠨᠡᠨᠬᠦ ᠴᠢᠩᠭ᠋ᠠᠳᠬᠠᠬᠤ ᠬᠡᠷᠡᠭᠳᠡᠢ᠃ ᠯᠠᠪᠳᠠᠭᠤᠨ ᠳᠤᠭᠳᠠᠭᠤᠨ ᠵᠤᠭᠤᠰᠤᠨ ᠤ ᠲᠦᠷᠦ ᠶᠢᠨ ᠪᠤᠳᠤᠯᠭ᠎ᠠ ᠳᠤ ᠬᠡᠪ ᠲᠤᠮᠳᠠ ᠶᠢ ᠪᠠᠳᠤᠯᠠᠨ ᠵᠤᠭᠤᠰᠤᠨ ᠤ ᠬᠠᠩᠭ᠋ᠠᠯᠭ᠎ᠠ ᠶᠢᠨ ᠶᠡᠷᠦᠩᠬᠡᠢ ᠬᠠᠭᠠᠯᠳᠠ ᠶᠢ ᠪᠠᠳᠤ ᠬᠠᠮᠢᠶᠠᠷᠴᠦ᠂ ᠵᠤᠭᠤᠰ ᠮᠦᠩᠭᠦᠨ ᠤ ᠢᠳᠡᠭᠡᠮᠵᠢᠳᠤ ᠵᠢᠭᠡᠯᠡᠯᠭᠡ ᠪᠡ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ ᠶᠢᠨ ᠵᠦᠢ ᠵᠤᠬᠢᠰᠳᠠᠢ ᠨᠡᠮᠡᠭᠳᠡᠭᠦ ᠶᠢ ᠪᠠᠳᠤᠯᠠᠵᠤ᠂ ᠠᠷᠠᠳ ᠤᠨ ᠵᠤᠭᠤᠰᠤᠨ ᠤ ᠭᠤᠪᠢᠭᠤᠯᠤᠮᠵᠢ ᠵᠦᠢ ᠵᠤᠬᠢᠰᠳᠠᠢ ᠲᠡᠩᠴᠡᠭᠦᠷᠢᠳᠡᠢ ᠲᠦᠪᠰᠢᠨ ᠳᠡᠭᠡᠷ᠎ᠡ ᠦᠨᠳᠤᠰᠤᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠵᠤ᠂ ᠤᠯᠠᠨ ᠲᠡᠰ ᠲᠠᠪᠬᠤᠷᠭ᠎ᠠ ᠪᠦᠭᠦᠢ ᠭᠦᠷᠦᠩᠭᠡ ᠶᠢᠨ ᠵᠠᠬ᠎ᠠ ᠲᠡᠯᠭᠡᠭᠦᠷ ᠤᠨ ᠡᠷᠡᠭᠦᠯ ᠢᠶᠠᠷ ᠭᠦᠭ᠍ᠵᠢᠭᠦ ᠶᠢ ᠠᠬᠢᠭᠤᠯᠤᠨ ᠪᠤᠳᠠᠳᠤ ᠴᠤᠭᠴᠠ ᠶᠢᠨ ᠠᠵᠤ ᠠᠬᠤᠢ ᠳᠤ ᠨᠡᠩ ᠰᠠᠶᠢᠳᠦᠷ ᠦᠢᠯᠡᠴᠢᠯᠡᠵᠤ᠂ ᠰᠢᠰᠲ᠋ᠧᠮ ᠤᠨ ᠴᠢᠨᠠᠷᠳᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠭᠦ ᠦᠭᠡᠢ ᠬᠤᠷᠢᠭ᠎ᠠ ᠱᠤᠭᠤᠮ ᠢ ᠪᠠᠳᠤ ᠰᠠᠬᠢᠨ᠎ᠡ᠃ ᠪᠦᠳᠤᠴᠡ ᠶᠢᠨ ᠴᠢᠨᠠᠷᠳᠠᠢ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠨᠡᠩ ᠶᠡᠬᠡᠪᠡᠷ ᠪᠠᠳᠠᠷᠠᠭᠤᠯᠵᠤ᠂ ᠪᠤᠳᠠᠳᠤ ᠴᠤᠭᠴᠠ ᠶᠢᠨ ᠠᠵᠤ ᠠᠬᠤᠢ ᠶᠢᠨ ᠲᠠᠳᠠᠬᠤ ᠭᠦᠴᠤᠨ ᠪᠡ ᠦᠷᠢᠰᠦᠯᠳᠦᠭᠦ ᠭᠦᠴᠤᠨ ᠢ ᠴᠢᠩᠭ᠋ᠠᠳᠬᠠᠨ ᠨᠦᠭᠡᠴᠡ ᠡᠬᠢ ᠪᠠᠶᠠᠯᠢᠭ ᠤᠨ ᠲᠤᠬᠢᠷᠠᠭᠤᠯᠭ᠎ᠠ ᠶᠢ ᠰᠢᠯᠢᠳᠡᠭᠵᠢᠭᠦᠯᠵᠤ᠂ ᠰᠢᠨ᠎ᠡ ᠶᠢ ᠡᠭᠦᠳᠭᠦ ᠪᠠᠷ ᠭᠦᠳᠡᠯᠭᠡᠭᠦᠷ ᠪᠤᠯᠭᠠᠬᠤ ᠶᠢ ᠴᠢᠩᠭ᠋ᠠᠳᠬᠠᠨ ᠭᠡᠷᠡᠭᠯᠡᠭᠡ ᠶᠢᠨ ᠰᠠᠭᠤᠷᠢ ᠴᠢᠨᠠᠷᠳᠠᠢ ᠦᠢᠯᠡᠳᠦᠯ ᠢ ᠰᠠᠶᠢᠳᠤᠷ ᠪᠠᠳᠠᠷᠠᠭᠤᠯᠵᠤ᠂ ᠪᠦᠳᠦᠮᠵᠢᠳᠠᠢ ᠪᠡᠯᠡ ᠤᠷᠤᠭᠤᠯᠤᠯᠳᠡ ᠤᠨᠴᠠᠭᠠᠢᠢᠯᠡᠨ ᠠᠷᠠᠳ ᠤᠨ ᠪᠡᠯᠡ ᠤᠷᠤᠭᠤᠯᠤᠯᠳᠡ ᠶᠢᠨ ᠵᠦᠢ ᠵᠤᠬᠢᠰᠳᠠᠢ ᠨᠡᠮᠡᠭᠳᠡᠯ ᠢ ᠠᠬᠢᠭᠤᠯᠤᠨ᠎ᠡ᠃ ᠨᠡᠶᠢᠭᠡᠮ ᠤᠨ ᠲᠦᠷᠦ ᠶᠢᠨ ᠪᠤᠳᠤᠯᠭ᠎ᠠ ᠳᠤ ᠠᠷᠠᠳ ᠤᠨ ᠠᠮᠢᠳᠤᠷᠠᠯ ᠤᠨ ᠲᠤᠪᠤᠶᠢᠮ᠎ᠡ ᠠᠰᠠᠭᠤᠳᠠᠯ ᠢ ᠰᠢᠢᠳᠪᠦᠷᠢᠯᠡᠭᠦ ᠶᠢ ᠴᠢᠬᠤᠯᠠᠴᠢᠯᠠᠵᠤ᠂ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠢᠳᠡᠪᠬᠢᠳᠡᠢ ᠬᠠᠷᠢᠭᠤᠯᠳᠡ ᠦᠭᠴᠤ᠂ ᠦᠨᠳᠤᠰᠤᠨ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭ᠋ᠠᠳᠬᠠᠨ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢ ᠴᠢᠩᠭ᠋ᠠᠳᠬᠠᠵᠤ᠂ ᠨᠡᠶᠢᠭᠡᠮ ᠤᠨ ᠵᠦᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠦᠭᠡᠷᠡᠴᠢᠯᠡᠯᠳᠡ ᠨᠡᠭᠡᠭᠡᠯᠳᠡ ᠬᠢᠬᠦ ᠡᠷᠴᠢᠮ ᠢᠶᠠᠨ ᠴᠢᠩᠭ᠋ᠠᠷᠠᠭᠤᠯᠤᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠬᠢᠭᠦ ᠠᠯᠬᠤᠮ ᠢᠶᠠᠨ ᠲᠦᠷᠭᠡᠳᠭᠡᠵᠤ᠂ ᠦᠮᠴᠢᠯᠡᠯ ᠤᠨ ᠡᠷᠭᠡ ᠶᠢᠨ ᠲᠦᠷᠢᠮ ᠪᠤᠯᠤᠨ ᠴᠢᠬᠤᠯᠡ ᠡᠯᠧᠮᠧᠨ᠋ᠲ ᠤᠨ ᠵᠠᠬ᠎ᠠ ᠲᠡᠯᠭᠡᠭᠦᠷᠴᠢᠯᠡᠭᠰᠡᠨ ᠲᠤᠬᠢᠷᠠᠭᠤᠯᠭ᠎ᠠ ᠶᠢ ᠲᠡᠭᠦᠯᠳᠡᠷᠵᠢᠭᠦᠯᠬᠦ ᠪᠠᠷ ᠭᠤᠤᠯᠳᠠᠯᠭ᠎ᠠ ᠪᠤᠯᠭᠠᠵᠤ᠂ ᠰᠠᠭᠤᠷᠢ ᠴᠢᠨᠠᠷᠳᠠᠢ ᠵᠠᠩᠬᠢᠯᠠᠭ᠎ᠠ ᠶᠢᠨ ᠬᠦᠷᠢᠶᠡᠨ ᠤ ᠦᠭᠡᠷᠡᠴᠢᠯᠡᠯᠳᠡ ᠳᠤ ᠰᠢᠨ᠎ᠠ ᠰᠢᠪᠳᠤᠯᠤᠯᠳᠠ ᠤᠯᠬᠤ ᠶᠢ ᠠᠬᠢᠭᠤᠯᠤᠨ᠎ᠠ᠃ ᠭᠠᠳᠠᠭᠠᠳᠤ ᠨᠡᠭᠡᠭᠡᠯᠳᠡ ᠶᠢ ᠦᠷᠭᠡᠳᠭᠡᠨ ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠡᠯ ᠢ ᠤᠯᠠᠮ ᠴᠢᠯᠦᠭᠡᠳᠠᠢ ᠪᠤᠯᠭᠠᠵᠤ᠂ ᠪᠦᠭᠦ ᠲᠠᠯ᠎ᠠ ᠪᠠᠷ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠲᠦᠷᠭᠡᠳᠬᠡᠨ ᠪᠤᠢ ᠪᠤᠯᠭᠠᠨ᠎ᠡ ᠭᠡᠵᠦ ᠴᠢᠬᠤᠯᠠᠴᠢᠯᠠᠪᠠ᠃       

    ᠬᠤᠷᠠᠯ ᠠᠴᠠ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠱᠠᠭᠠᠷᠳᠠᠯᠭ᠎ᠠ ᠪᠠᠷ ᠢᠷᠡᠬᠦ 3 ᠵᠢᠯ ᠳᠤ ᠴᠢᠨᠡᠭᠡᠯᠢᠭ᠌ ᠨᠡᠶᠢᠭᠡᠮ ᠢ ᠪᠦᠭᠦ ᠲᠠᠯ᠎ᠡ ᠪᠠᠷ ᠪᠡᠶᠡᠯᠡᠭᠦᠯᠭᠦ ᠰᠢᠢᠳᠪᠦᠷᠢᠳᠤ ᠢᠯᠡᠯᠳᠡ ᠶᠢ ᠲᠡᠮᠡᠴᠡᠨ ᠤᠯᠬᠤ ᠶᠠᠪᠤᠴᠠ ᠶᠢᠨ ᠭᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠬᠦ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠭᠡᠶᠢᠯᠡᠨ ᠵᠠᠰᠠᠬᠤ ᠭᠤᠷᠪᠡᠨ ᠶᠡᠭᠡ ᠪᠤᠭᠤᠮᠳᠡ ᠰᠢᠪᠳᠤᠯᠬᠤ ᠲᠠᠶᠢᠯᠠᠯᠳᠤᠭᠠᠨ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠳᠠᠢ᠃ ᠭᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠬᠦ ᠪᠤᠭᠤᠮᠳᠡ ᠰᠢᠪᠳᠤᠯᠬᠤ ᠲᠠᠶᠢᠯᠡᠯᠳᠤᠭᠠᠨ ᠢ ᠰᠠᠶᠢᠳᠤᠷ ᠬᠢᠬᠦ ᠳᠤ᠂ ᠭᠤᠤᠯᠳᠠᠯᠭ᠎ᠠ ᠨᠢ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠡ ᠡᠵᠡᠮᠳᠠᠵᠤ᠂ ᠬᠠᠩᠭ᠋ᠠᠯᠭ᠎ᠠ ᠶᠢᠨ ᠲᠠᠯ᠎ᠡ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠭᠡᠬᠦ ᠡᠨᠡᠬᠦ ᠭᠤᠤᠯ ᠱᠤᠭᠤᠮ ᠳᠤ ᠦᠢᠯᠡᠴᠢᠯᠡᠨ ᠮᠦᠩᠭᠦᠨ ᠭᠦᠢᠯᠭᠡᠭᠡᠨ ᠪᠡ ᠪᠤᠳᠠᠳᠤ ᠴᠤᠭᠴᠠ ᠶᠢᠨ ᠠᠵᠤ ᠠᠬᠤᠢ᠂ ᠮᠦᠩᠭᠦᠨ ᠭᠦᠢᠯᠭᠡᠭᠡᠨ ᠪᠡ ᠭᠡᠷ ᠭᠠᠵᠠᠷ ᠤᠨ ᠭᠦᠷᠦᠩᠭᠡ᠂ ᠮᠦᠩᠭᠦᠨ ᠭᠦᠢᠯᠭᠡᠭᠡᠨ ᠤ ᠰᠢᠰᠲ᠋ᠧᠮ ᠤᠨ ᠲᠤᠳᠤᠷᠠᠬᠢ ᠰᠠᠶᠢᠨ ᠰᠠᠶᠢᠬᠠᠨ ᠤᠷᠴᠢᠯ ᠢ ᠪᠦᠷᠢᠯᠳᠦᠭᠦᠯᠦᠨ ᠠᠬᠢᠭᠤᠯᠵᠤ᠂ ᠭᠤᠤᠯᠳᠠᠯᠭ᠎ᠠ ᠲᠠᠢ ᠭᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠭᠦ ᠪᠡ ᠰᠢᠢᠳᠪᠦᠷᠢᠯᠡᠭᠦ ᠠᠵᠢᠯ ᠢ ᠰᠠᠶᠢᠳᠤᠷ ᠬᠢᠵᠤ᠂ ᠬᠠᠤᠯᠢ ᠠᠴᠠ ᠵᠦᠷᠢᠴᠡᠬᠦ ᠲᠤᠭᠳᠠᠭᠠᠯ ᠠᠴᠠ ᠵᠦᠷᠢᠴᠡᠭᠦ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠡ ᠦᠭᠴᠤ᠂ ᠪᠠᠭᠤᠷᠠᠢ ᠭᠤᠭᠴᠤᠭ᠎ᠠ ᠶᠢᠨ ᠬᠢᠨᠡᠯᠳᠡ ᠬᠠᠮᠢᠶᠠᠷᠤᠯᠳᠡ ᠶᠢᠨ ᠲᠦᠷᠢᠮ ᠤᠨ ᠪᠠᠶᠢᠭᠤᠯᠤᠯᠳᠡ ᠶᠢ ᠴᠢᠩᠭ᠋ᠠᠳᠬᠠᠨ᠎ᠠ᠃

    ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠡᠯᠳᠤᠭᠠᠨ ᠢ ᠰᠠᠶᠢᠳᠤᠷ ᠬᠢᠬᠦ ᠳᠤ᠂ ᠤᠳᠤᠬᠠᠨ ᠤ ᠭᠡᠷᠡᠭᠵᠢᠭᠦᠯᠵᠤ ᠪᠠᠶᠢᠭ᠎ᠠ ᠪᠠᠷᠢᠮᠵᠢᠶ᠎ᠠ ᠲᠤᠳᠤᠷᠠᠬᠢ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ  ᠢ ᠪᠠᠳᠤᠯᠠᠵᠤ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ ᠪᠦᠭᠡᠳ ᠰᠠᠨᠠᠭᠠᠷᠬᠠᠯ ᠢᠶᠠᠨ ᠴᠦ ᠲᠠᠬᠡᠭ᠍ᠰᠢᠯᠡᠬᠦᠯᠬᠦ ᠦᠭᠡᠢ᠂ ᠤᠨᠴᠠ ᠶᠠᠳᠠᠭᠤ ᠭᠦᠴᠢᠷᠳᠡᠯᠳᠡᠢ ᠤᠯᠠᠨ ᠲᠦᠮᠡᠨ ᠳᠤ ᠬᠠᠨᠳᠤᠭᠤᠯᠤᠨ ᠤᠨᠢᠨ ᠳᠡᠭᠡᠷ᠎ᠡ ᠨᠢ ᠬᠠᠪᠰᠤᠷᠤᠨ ᠲᠡᠳᠭᠦᠵᠤ᠂ ᠲᠦᠢᠯ ᠤᠨ ᠶᠠᠳᠠᠭᠤ ᠭᠦᠴᠢᠷᠳᠡᠯᠳᠡᠢ ᠭᠠᠵᠠᠷ ᠤᠷᠤᠨ ᠳᠤ ᠲᠦᠪᠯᠡᠷᠡᠭᠦᠯᠦᠨ ᠭᠦᠴᠦᠯᠡᠵᠤ᠂ ᠶᠠᠳᠠᠭᠤ ᠭᠦᠴᠢᠷᠳᠡᠯᠳᠡᠢ ᠬᠦᠮᠤᠨ ᠠᠮᠠ ᠶᠢᠨ ᠶᠠᠳᠠᠭᠤ ᠠᠴᠠ ᠠᠩᠬᠢᠵᠢᠷᠠᠬᠤ ᠲᠤᠳᠤᠭᠠᠳᠤ ᠭᠦᠳᠡᠯᠭᠡᠭᠦ ᠭᠦᠴᠤᠨ ᠢ ᠨᠢ ᠪᠠᠳᠠᠷᠠᠭᠤᠯᠵᠤ᠂ ᠬᠢᠨᠡᠨ ᠰᠢᠯᠭᠠᠵᠤ ᠬᠢᠨᠡᠯᠳᠡ ᠲᠠᠯᠪᠢᠬᠤ ᠪᠠᠨ ᠴᠢᠩᠭ᠋ᠠᠳᠬᠠᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠦ᠂ ᠭᠤᠤᠯ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠭᠡᠪᠡᠷ ᠪᠠᠭᠠᠰᠬᠠᠨ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠪᠦᠭᠦ ᠲᠠᠯ᠎ᠡ ᠪᠠᠷ ᠰᠠᠶᠢᠵᠢᠷᠠᠭᠤᠯᠤᠨ᠎ᠠ᠂ ᠭᠤᠤᠯᠳᠠᠯᠭ᠎ᠠ ᠨᠢ ᠭᠦᠭᠡ ᠤᠭᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠡᠯᠳᠡ ᠶᠢ ᠤᠯᠵᠤ᠂ ᠠᠵᠤ ᠦᠢᠯᠡᠰ ᠤᠨ ᠪᠦᠳᠤᠴᠡ ᠶᠢ ᠲᠤᠬᠢᠷᠠᠭᠤᠯᠤᠨ ᠬᠤᠴᠤᠷᠤᠩᠭ᠋ᠤᠢ ᠦᠢᠯᠡᠳᠪᠦᠷᠢᠯᠡᠯ ᠤᠨ ᠴᠢᠳᠠᠪᠦᠷᠢ ᠶᠢ ᠳᠠᠶᠠᠭᠳᠠᠭᠤᠯᠵᠤ᠂ ᠡᠨᠧᠷᠬᠢ ᠶᠢᠨ ᠪᠦᠳᠦᠴᠡ ᠳᠤ ᠳᠤᠬᠢᠷᠠᠭᠤᠯᠤᠯᠳᠠ ᠬᠢᠵᠦ ᠡᠨᠧᠷᠬᠢ ᠶᠢ ᠠᠷᠪᠢᠯᠠᠬᠤ ᠡᠷᠴᠢᠮ ᠪᠡ ᠬᠢᠨᠡᠨ ᠰᠢᠯᠭᠠᠬᠤ ᠪᠠᠨ ᠴᠢᠩᠭ᠋ᠠᠳᠬᠠᠵᠤ᠂ ᠳᠡᠭᠡᠭᠡᠪᠤᠷᠢ ᠶᠢᠨ ᠪᠦᠳᠤᠴᠡ ᠳᠤ ᠲᠤᠭᠢᠷᠠᠭᠤᠯᠤᠯᠳᠠ ᠬᠢᠨ᠎ᠠ ᠭᠡᠵᠦ ᠳᠤᠭᠳᠠᠭᠠᠵᠠᠢ᠃       

    ᠬᠤᠷᠠᠯ ᠠᠴᠠ᠂ ᠴᠢᠨᠠᠷ ᠰᠠᠶᠢᠲᠠᠢ ᠬᠦᠭ᠍ᠵᠢᠯᠲᠠ ᠶᠢ ᠠᠬᠢᠭᠤᠯᠬᠤ ᠪᠠᠷ ᠭᠤᠤᠯᠲᠠᠭᠤᠯᠤᠨ 8 ᠵᠦᠢᠯ ᠤᠨ ᠭᠤᠤᠯᠲᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃      

    ᠨᠢᠭᠡ ᠳᠤ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠠᠬᠢᠭᠤᠯᠤᠨ᠎ᠠ᠃ ᠲᠤᠮᠲᠠᠲᠤ ᠤᠯᠤᠰ ᠤᠨ ᠦᠢᠯᠡᠳᠭᠡᠯ ᠠᠴᠠ ᠲᠤᠮᠲᠠᠲᠤ ᠤᠯᠤᠰ ᠤᠨ ᠡᠭᠦᠳᠦᠯᠳᠡ ᠪᠤᠯᠵᠤ ᠬᠤᠪᠢᠷᠠᠬᠤ᠂ ᠲᠤᠮᠲᠠᠲᠤ ᠤᠯᠤᠰ ᠤᠨ ᠬᠤᠷᠲᠤᠴᠠ ᠠᠴᠠ ᠲᠤᠮᠲᠠᠲᠤ ᠤᠯᠤᠰ ᠤᠨ ᠶᠠᠰᠤ ᠴᠢᠨᠠᠷ ᠪᠤᠯᠵᠤ ᠬᠤᠪᠢᠷᠠᠬᠤ᠂ ᠦᠢᠯᠡᠳᠭᠦ ᠦᠢᠯᠡᠰ ᠤᠨ ᠲᠤᠮᠤ ᠤᠯᠤᠰ ᠠᠴᠠ ᠦᠢᠯᠡᠳᠭᠦ ᠦᠢᠯᠡᠰ ᠤᠨ ᠬᠦᠴᠦᠷᠭᠡᠭ᠌ ᠤᠯᠤᠰ ᠪᠤᠯᠵᠤ ᠬᠤᠪᠢᠷᠠᠬᠤ ᠶᠢ ᠠᠬᠢᠭᠤᠯᠬᠤ ᠬᠡᠷᠡᠭᠳᠠᠢ᠃ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷ ᠢᠶᠠᠷ ᠬᠤᠪᠢᠶᠠᠷᠢᠯᠠᠨ ᠳᠤᠬᠢᠷᠠᠭᠤᠯᠬᠤ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ᠦᠭᠡᠶᠢᠰᠭᠡᠬᠦᠪᠠᠶᠢᠭᠤᠯᠬᠤᠪᠠᠭᠤᠷᠠᠭᠤᠯᠬᠤᠲᠡᠭᠡᠷ᠎ᠠ ᠭᠤᠤᠯᠳᠠᠯᠭ᠎ᠠ ᠲᠠᠢ ᠬᠦᠴᠤ ᠲᠠᠯᠪᠢᠬᠤ ᠬᠡᠷᠡᠭᠲᠡᠢ᠃ ᠪᠦᠲᠦᠮᠵᠢ ᠦᠭᠡᠢ ᠬᠠᠩᠭᠠᠯᠭ᠎ᠠ ᠶᠢ ᠴᠢᠷᠮᠠᠶᠢᠨ ᠦᠭᠡᠶᠢᠰᠭᠡᠵᠦ᠂ᠦᠭᠦᠰᠢᠷᠡᠮᠡᠯ ᠠᠵᠦ ᠠᠬᠤᠢᠢᠯᠠᠯᠢ᠋ ᠰᠢᠢᠳᠪᠦᠷᠢᠯᠡᠬᠦ ᠪᠠᠷ ᠴᠢᠬᠤᠯᠠ ᠭᠠᠷᠳᠠᠴᠠ ᠪᠤᠯᠭᠠᠨ ᠦᠯᠡᠭᠦᠲᠡᠭᠰᠡᠡ ᠦᠢᠯᠡᠳᠪᠦᠷᠢᠯᠡᠯ ᠤᠨ ᠴᠢᠲᠠᠪᠤᠷᠢ ᠶᠢ ᠪᠠᠭᠠᠰᠬᠠᠬᠤ ᠶᠢ ᠠᠬᠢᠭᠤᠯᠬᠤ ᠬᠡᠷᠡᠭᠲᠡᠢ; ᠰᠢᠨ᠎ᠠ ᠬᠦᠲᠡᠯᠭᠡᠬᠦ ᠴᠢᠳᠠᠪᠤᠷᠢ ᠶᠢ ᠪᠤᠶᠢᠵᠢᠭᠤᠯᠬᠤ ᠪᠠᠷ ᠬᠦᠴᠦᠯᠡᠨ ᠴᠢᠷᠮᠠᠶᠢᠵᠤ᠂ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠶᠢ ᠡᠭᠦᠳᠬᠦ ᠶᠢ ᠴᠢᠩᠭ᠋ᠠᠳᠬᠠᠨ ᠤᠯᠠᠮᠵᠢᠯᠠᠯᠲᠦ ᠠᠵᠦ ᠦᠢᠯᠡᠰ ᠢ ᠰᠢᠯᠢᠳᠡᠭᠵᠢᠭᠦᠯᠵᠦ ᠲᠡᠰ ᠲᠡᠪᠰᠢᠭᠦᠯᠬᠦ ᠶᠢ ᠠᠬᠢᠭᠤᠯᠵᠦ᠂ ᠨᠢᠭᠡ ᠪᠦᠯᠦᠭ ᠰᠢᠨ᠎ᠠ ᠶᠢ ᠡᠭᠦᠳᠬᠦ ᠴᠢᠲᠠᠪᠤᠷᠢ ᠪᠦᠬᠦᠢ ᠬᠤᠰᠢᠭᠤᠴᠢ ᠳᠠᠭᠠᠭᠤᠯᠤᠭᠴᠢ ᠠᠵᠦ ᠠᠬᠤᠢᠢᠯᠠᠯ ᠢ ᠪᠤᠶᠢᠵᠢᠭᠤᠯᠵᠦ᠂ ᠴᠡᠷᠢᠭ ᠠᠷᠠᠳ ᠤᠨ ᠬᠡᠷᠡᠭᠯᠡᠭᠡ ᠶᠢᠨ ᠭᠦᠨᠵᠡᠭᠡᠢ ᠠᠭᠤᠰᠤᠯᠴᠠᠨ ᠬᠦᠭ᠍ᠵᠢᠬᠦ ᠶᠢ ᠢᠲᠡᠪᠬᠢᠲᠠᠢ ᠠᠬᠢᠭᠤᠯᠬᠤ ᠬᠡᠷᠡᠭᠲᠡᠢ; ᠪᠤᠲᠠᠲᠤ ᠴᠤᠭᠴᠠ ᠶᠢᠨ ᠠᠵᠦ ᠠᠬᠤᠢ ᠶᠢᠨ ᠦᠪᠡᠷ ᠤᠨ ᠦᠷᠲᠡᠭ ᠢ ᠬᠦᠴᠦᠯᠡᠨ ᠪᠠᠭᠤᠷᠠᠭᠤᠯᠵᠦ᠂ ᠲᠦᠷᠢᠮ ᠤᠨ ᠴᠢᠨᠠᠷᠲᠠᠢ ᠠᠷᠠᠯᠵᠢᠶᠠᠠ ᠤ ᠦᠪᠡᠷ ᠤᠨ ᠦᠷᠲᠡᠭ ᠢ ᠨᠢ ᠪᠠᠭᠤᠷᠠᠭᠤᠯᠵᠦ᠂ ᠠᠵᠦ ᠠᠬᠤᠢᠢᠯᠠᠯ ᠳᠤ ᠬᠤᠯᠪᠤᠭᠲᠠᠬᠤ ᠰᠦᠢᠳᠭᠡᠯ ᠬᠤᠷᠢᠶᠠᠯᠳᠠ ᠶᠢ ᠦᠷᠭᠦᠯᠵᠢᠯᠡᠡ ᠴᠡᠭᠴᠡᠯᠡᠨ ᠦᠭᠡᠶᠢᠰᠭᠡᠵᠦ᠂ ᠲᠤᠷ᠎ᠠ ᠪᠠᠷ ᠢᠶᠠᠨ ᠰᠦᠢᠳᠭᠡᠯ ᠬᠤᠷᠢᠶᠠᠬᠤ ᠶᠠᠪᠤᠳᠠᠯ ᠢ ᠪᠠᠶᠢᠴᠠᠭᠠᠠ ᠰᠢᠢᠳᠪᠦᠷᠢᠯᠡᠬᠦ ᠪᠠ ᠴᠡᠭᠴᠡᠯᠡᠡ ᠵᠠᠰᠠᠬᠤ ᠡᠷᠴᠢᠮ ᠢᠶᠠᠨ ᠴᠢᠩᠭ᠋ᠠᠷᠠᠭᠤᠯᠵᠤ᠂ ᠴᠠᠬᠢᠯᠭᠠᠠ ᠬᠦᠴᠤ᠂ ᠴᠢᠯᠠᠭᠤᠨ ᠲᠤᠰᠤ ᠪᠠ ᠪᠠᠶᠢᠭᠠᠯᠢ ᠶᠢᠨ ᠰᠢᠲᠠᠮᠠᠬᠠᠢ ᠭᠡᠢ᠂ ᠲᠡᠮᠦᠷ ᠵᠠᠮ ᠵᠡᠷᠭᠡ ᠠᠵᠢᠯ ᠲᠦᠷᠦᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠡᠨᠧᠷᠬᠢ ᠶᠢᠨ ᠬᠡᠷᠡᠭᠯᠡᠭᠡ᠂ ᠪᠠᠷᠠᠭᠠᠠ ᠤ ᠬᠦᠢᠯᠭᠡᠭᠡ ᠶᠢᠨ ᠦᠪᠡᠷ ᠤᠨ ᠦᠷᠲᠡᠭ ᠢ ᠪᠠᠭᠤᠷᠠᠭᠤᠯᠤᠨ᠎ᠠ᠃

    ᠬᠤᠶᠠᠷ ᠲᠤ᠂ ᠡᠯ᠎ᠠ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠤᠨ ᠢ ᠪᠠᠳᠠᠷᠠᠭᠤᠯᠤᠨ᠎ᠠ᠃ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠦᠴᠦᠷᠭᠡᠭ᠍ᠵᠢᠭᠦᠯᠵᠦ ᠰᠢᠯᠢᠲᠡᠭᠵᠢᠭᠦᠯᠵᠦ ᠪᠤᠵᠠᠭᠠᠢᠢᠷᠠᠭᠤᠯᠬᠤ ᠶᠢ ᠠᠬᠢᠭᠤᠯᠵᠦ᠂ ᠤᠯᠤᠰ ᠤᠨ ᠦᠮᠴᠢᠯᠡᠯ ᠤᠨ ᠠᠵᠦ ᠠᠬᠤᠢᠢᠯᠠᠯ ᠪᠤᠯᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠦᠭᠡᠷᠡᠴᠢᠯᠡᠯᠲᠡ ᠶᠢᠨ ᠲᠦᠰᠦᠯ ᠢ ᠲᠡᠭᠦᠯᠲᠡᠷᠵᠢᠭᠦᠯᠵᠦ᠂ ᠡᠳ᠋ ᠬᠦᠷᠦᠩᠭᠡ ᠶᠢᠨ ᠬᠠᠮᠢᠶᠠᠷᠤᠯᠳᠠ ᠪᠠᠷ ᠭᠤᠤᠯ ᠪᠤᠯᠭᠠᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠴᠢᠲᠠᠪᠬᠢ ᠶᠢᠨ ᠬᠤᠪᠢᠷᠠᠯᠳᠠ ᠶᠢ ᠲᠦᠷᠭᠡᠳᠭᠡᠵᠤ ᠤᠯᠤᠰ ᠤᠨ ᠦᠮᠴᠢᠯᠡᠯ ᠤᠨ ᠡᠳ᠋ ᠬᠦᠷᠦᠩᠭᠡ ᠳᠤ ᠡᠷᠬᠡ ᠤᠯᠭᠤᠯᠳᠠ ᠪᠠᠷ ᠡᠵᠡᠩᠨᠡᠬᠦ ᠪᠠᠶᠢᠭᠤᠯᠤᠮᠵᠢ ᠳᠤ ᠦᠭᠡᠷᠡᠴᠢᠯᠡᠯᠲᠡ ᠬᠢᠨ᠎ᠠ᠃ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ ᠨᠠᠮ ᠤᠨ ᠤᠲᠤᠷᠢᠲᠤᠯᠭ᠎ᠠ ᠪᠤᠯᠤᠨ ᠨᠠᠮ ᠤᠨ ᠪᠠᠶᠢᠭᠤᠯᠤᠯᠲᠠ ᠶᠢ ᠴᠢᠨᠭᠭᠠᠳᠬᠠᠨ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ ᠤᠲᠤ ᠦᠶ᠎ᠠ ᠶᠢᠨ ᠠᠵᠦ ᠠᠬᠤᠢᠢᠯᠠᠯ ᠤᠨ ᠲᠦᠷᠢᠮ ᠢ ᠲᠡᠭᠦᠯᠲᠡᠷᠵᠢᠭᠦᠯᠵᠤ᠂ ᠺᠤᠮᠫᠠᠨᠢ ᠶᠢᠨ ᠬᠠᠤᠯᠢ ᠶᠢᠨ ᠡᠷᠭᠡᠲᠡᠡ ᠤ ᠵᠠᠰᠠᠯᠲᠠ ᠶᠢᠨ ᠪᠦᠲᠦᠴᠡ ᠶᠢ ᠲᠡᠭᠦᠯᠲᠡᠷᠵᠢᠭᠦᠯᠬᠦ ᠶᠢ ᠠᠬᠢᠭᠤᠯᠬᠤ ᠬᠡᠷᠡᠭᠳᠠᠢ᠃ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠤᠨ ᠬᠦᠭ᠍ᠵᠢᠯᠲᠠ ᠶᠢ ᠲᠡᠮᠵᠢᠵᠦ᠂ ᠦᠮᠴᠢᠯᠡᠬᠦ ᠡᠷᠭᠡ ᠶᠢ ᠬᠠᠮᠠᠭᠠᠯᠠᠬᠤ ᠲᠦᠷᠦ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠵᠦ᠂ ᠨᠡᠶᠢᠭᠡᠮ ᠳᠡᠭᠡᠷ᠎ᠠ ᠴᠢᠩᠭ᠋᠎ᠠ ᠲᠤᠰᠬᠠᠯ ᠲᠠᠢ ᠦᠮᠴᠢᠯᠡᠬᠦ ᠡᠷᠭᠡ ᠶᠢᠨ ᠵᠢᠭᠤᠷᠠᠯᠲᠤᠭᠠᠠ ᠤ ᠬᠡᠷᠡᠭ ᠢ ᠬᠠᠤᠯᠢ ᠶᠤᠰᠤᠭᠠᠷ ᠰᠠᠶᠢᠳᠦᠷ ᠰᠢᠭᠦᠨ ᠲᠤᠳᠤᠯᠠᠵᠤ ᠵᠠᠯᠠᠷᠠᠭᠤᠯᠬᠤ ᠬᠡᠷᠡᠭᠲᠡᠢ᠃ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠭᠦᠯᠬᠦ ᠪᠦᠭᠡᠳ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠭᠠᠳᠠᠭᠤᠷᠴᠢᠯᠠᠬᠤ ᠴᠢᠨᠠᠷ ᠲᠠᠢ ᠬᠢᠵᠠᠭᠠᠷᠯᠠᠯ ᠪᠠ ᠡᠯ᠎ᠠ ᠵᠦᠢᠯ ᠤᠨ ᠲᠠᠯᠲᠠ ᠴᠢᠨᠠᠷ ᠲᠠᠢ ᠬᠠᠷᠰᠢ ᠰᠠᠭᠠᠳ ᠢ ᠠᠷᠢᠯᠭᠠᠵᠦ᠂ ᠲᠤᠳᠤᠨᠤ ᠪᠦᠭᠡᠳ ᠲᠤᠲᠤᠷᠬᠠᠢ ᠰᠢᠨ᠎ᠠ ᠬᠡᠯᠪᠡᠷᠢ ᠶᠢᠨ ᠵᠠᠰᠠᠭ ᠪᠠ ᠠᠷᠠᠯᠵᠢᠶᠠᠴᠢᠨ ᠤ ᠬᠠᠷᠢᠴᠠᠭ᠎ᠠ ᠶᠢ ᠲᠦᠷᠭᠡᠳᠬᠡᠡ ᠪᠠᠶᠢᠭᠤᠯᠤᠨ᠎ᠠ᠃       

    ᠭᠤᠷᠪᠠ ᠳᠤ᠂ ᠬᠦᠲᠡᠭᠡ ᠲᠤᠰᠬᠤᠨ ᠢ ᠬᠦᠭ᠍ᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠦᠨ᠎ᠠ᠃ ᠬᠦᠲᠡᠭᠡ ᠲᠤᠰᠬᠤᠨ ᠢ ᠬᠦᠭ᠍ᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠠᠴᠢ ᠪᠠᠷ ᠲᠤᠭᠲᠠᠭᠠᠬᠤ ᠭᠡᠷᠡᠭᠲᠡᠢ᠃ ᠬᠤᠲᠠ ᠬᠦᠲᠡᠭᠡ ᠶᠢ ᠠᠭᠤᠰᠤᠯᠴᠠᠭᠤᠯᠤᠠ ᠬᠦᠭ᠍ᠵᠢᠭᠦᠯᠬᠦ ᠪᠠᠶᠢᠭᠤᠯᠤᠮᠵᠢ ᠲᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠦᠲᠡᠭᠡ ᠲᠤᠰᠬᠤᠨ ᠤ ᠬᠦᠭ᠍ᠵᠢᠯᠳᠡ ᠶᠢ ᠬᠠᠷᠰᠢᠯᠠᠬᠤ ᠡᠯ᠎ᠠ ᠵᠦᠢᠯ ᠤᠨ ᠬᠦᠴᠦᠨ ᠵᠦᠢᠯ ᠤᠨ ᠬᠦᠳᠡᠭᠡ ᠳᠤ ᠪᠠᠭᠤᠬᠤ ᠶᠢ ᠦᠭᠡᠶᠢᠰᠭᠡᠬᠦ ᠭᠡᠷᠡᠭᠲᠡᠢ᠃ ᠬᠦᠲᠡᠭᠡ ᠠᠵᠦ ᠠᠬᠤᠢ ᠶᠢᠨ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠵᠦ᠂ ᠶᠠᠰᠤ ᠴᠢᠨᠠᠷ ᠢᠶᠠᠷ ᠬᠦᠲᠡᠭᠡ ᠠᠵᠦ ᠠᠬᠤᠢ ᠶᠢ ᠮᠠᠠᠲᠤᠭᠤᠯᠬᠤ᠂ ᠪᠤᠬᠢᠷᠲᠤᠯ ᠦᠭᠡᠢ ᠪᠠᠷ ᠬᠦᠲᠡᠭᠡ ᠠᠵᠦ ᠠᠬᠤᠢ ᠶᠢ ᠮᠠᠠᠲᠤᠭᠤᠯᠬᠤ ᠶᠢ ᠪᠠᠷᠢᠮᠲᠠᠯᠠᠵᠦ᠂ ᠬᠦᠲᠡᠭᠡ ᠠᠵᠦ ᠠᠬᠤᠢ ᠶᠢᠨ ᠲᠦᠷᠦ ᠶᠢᠨ ᠪᠤᠲᠤᠯᠭ᠎ᠠ ᠶᠢ ᠤᠷᠤᠯᠭ᠎ᠠ ᠶᠢ ᠨᠡᠮᠡᠭᠲᠡᠭᠦᠯᠬᠦ ᠵᠢᠯᠤᠭᠤᠲᠤᠮᠵᠢ ᠠᠴᠠ ᠶᠠᠰᠤ ᠴᠢᠨᠠᠷ ᠢ ᠰᠠᠶᠢᠵᠢᠷᠠᠭᠤᠯᠬᠤ ᠵᠢᠯᠤᠭᠤᠲᠤᠮᠵᠢ ᠲᠡᠰᠢ ᠬᠤᠪᠢᠷᠠᠭᠤᠯᠬᠤ ᠬᠡᠷᠡᠭᠲᠡᠢ᠃ ᠠᠮᠤ ᠪᠤᠲᠠᠭ᠎ᠠ ᠶᠢ ᠬᠤᠳᠠᠯᠳᠤᠨ ᠠᠪᠴᠤ ᠨᠦᠭᠡᠴᠡᠯᠡᠵᠦ ᠬᠠᠲᠠᠭᠠᠯᠠᠬᠤ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠠ᠂ ᠬᠤᠳᠠᠯᠳᠤᠨ ᠠᠪᠴᠤ ᠨᠦᠭᠡᠴᠡᠯᠡᠬᠦ ᠦᠨ᠎ᠠ ᠬᠠᠩᠰᠢ ᠪᠠᠷ ᠵᠠᠬ᠎ᠠ ᠲᠡᠯᠭᠡᠭᠦᠷ ᠤᠨ ᠬᠠᠩᠭ᠋ᠠᠯᠭ᠎ᠠ ᠶᠢᠨ ᠭᠡᠷᠡᠭᠴᠡᠭᠡ ᠶᠢᠨ ᠪᠠᠶᠢᠳᠠᠯ ᠢ ᠨᠡᠩ ᠰᠠᠶᠢᠨ ᠲᠤᠰᠬᠠᠵᠦ᠂ ᠰᠡᠯᠭᠦᠨ ᠲᠠᠷᠢᠬᠤ ᠪᠠ ᠲᠠᠷᠢᠶᠠᠯᠠᠬᠤ ᠪᠠᠨ ᠵᠤᠭᠰᠤᠬᠤ ᠲᠦᠷᠢᠮ ᠤᠨ ᠲᠤᠷᠰᠢᠯᠲᠠ ᠶᠢᠨ ᠴᠢᠬ ᠢ ᠦᠷᠭᠡᠳᠭᠡᠨ᠎ᠠ᠃

    ᠲᠦᠷᠪᠡ ᠳᠤ᠂ ᠤᠷᠤᠠ ᠪᠦᠰᠡ ᠶᠢ ᠵᠤᠬᠢᠴᠠᠭᠤᠯᠤᠨ ᠬᠦᠭ᠍ᠵᠢᠭᠦᠯᠬᠦ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠦᠨ᠎ᠠ᠃ ᠦᠨᠲᠦᠰᠦᠨ ᠤᠯᠠᠠ ᠨᠡᠶᠢᠲᠡ ᠶᠢᠨ ᠦᠢᠯᠡᠴᠢᠯᠡᠭᠡ ᠶᠢ ᠲᠡᠩᠴᠡᠬᠦᠷᠢᠲᠠᠢ ᠪᠤᠯᠭᠠᠬᠤ ᠶᠢ ᠪᠡᠶᠡᠯᠡᠭᠦᠯᠵᠦ᠂ ᠰᠠᠭᠤᠷᠢ ᠲᠤᠨᠤᠭ ᠲᠦᠬᠦᠭᠡᠷᠦᠮᠵᠢ ᠶᠢ ᠪᠦᠷᠬᠦᠬᠦᠯᠦᠭᠰᠡᠨ ᠬᠡᠮᠵᠢᠶ᠎ᠠ ᠶᠢ ᠨᠡᠯᠢᠶᠡᠳ ᠲᠡᠩᠴᠡᠬᠦᠷᠢ ᠲᠠᠢ ᠪᠤᠯᠭᠠᠵᠦ᠂ ᠠᠷᠠᠳ ᠲᠦᠮᠡᠡ ᠤ ᠠᠮᠢᠲᠤᠷᠠᠯ ᠤᠨ ᠲᠦᠪᠰᠢᠨ ᠢ ᠶᠡᠷᠦᠩᠭᠡᠢ ᠳᠡᠭᠡᠨ ᠠᠲᠠᠯᠢᠪᠲᠤᠷ ᠪᠤᠯᠭᠠᠬᠤ ᠬᠡᠷᠡᠭᠲᠡᠢ᠃ ᠪᠡᠭᠡᠵᠢᠩ ᠲᠢᠶᠠᠠᠵᠢᠨ ᠡᡁᠧᠪᠸᠢ ᠶᠢᠨ ᠬᠠᠮᠵᠢᠯᠴᠠᠨ ᠬᠦᠭ᠍ᠵᠢᠬᠦ ᠶᠢ ᠠᠬᠢᠭᠤᠯᠬᠤ ᠳᠤ ᠪᠡᠭᠡᠵᠢᠩ ᠤᠨ ᠨᠡᠶᠢᠰᠯᠡᠯ ᠤᠨ ᠪᠤᠰᠤ ᠴᠢᠲᠠᠪᠬᠢ ᠶᠢ ᠲᠠᠷᠬᠠᠭᠠᠬᠤ ᠪᠠᠷ ᠭᠤᠤᠯᠲᠠᠯᠭ᠎ᠠ ᠪᠤᠯᠭᠠᠠ᠂ ᠵᠦᠢ ᠵᠤᠬᠢᠰᠲᠠᠢ ᠲᠤᠬᠠᠢᠢᠯᠠᠭᠰᠠᠠ ᠠᠵᠢᠯ ᠤᠨ ᠪᠦᠲᠦᠴᠡ ᠶᠢ ᠬᠠᠮᠠᠭᠠᠯᠠᠵᠦ᠂ ᠦᠨᠲᠦᠷ ᠭᠠᠷᠤᠭ᠎ᠠ ᠲᠠᠢ ᠪᠠᠷ ᠰᠢᠶᠦ᠋ᠩ ᠠᠠ ᠰᠢᠨ᠎ᠠ ᠲᠤᠭᠤᠷᠢᠭ ᠤᠨ ᠲᠦᠯᠦᠪᠵᠢᠭᠦᠯᠭᠡ ᠶᠢ ᠴᠢᠨᠠᠷ ᠰᠠᠶᠢᠳᠠᠢ ᠨᠠᠶᠢᠷᠠᠭᠤᠯᠤᠨ ᠳᠤᠭᠳᠠᠭᠠᠬᠤ ᠭᠡᠷᠡᠭᠲᠡᠢ᠃ ᠬᠦᠭᠡᠮᠦ᠋ᠷᠡᠡ ᠤ ᠠᠵᠦ ᠠᠬᠤᠢ ᠶᠢᠨ ᠪᠦᠰᠡ ᠶᠢᠨ ᠬᠦᠭ᠍ᠵᠢᠯᠲᠠ ᠶᠢ ᠠᠬᠢᠭᠤᠯᠬᠤ ᠳᠤ ᠠᠮᠢ ᠠᠬᠤᠢ ᠶᠢ ᠡᠩ ᠲᠡᠷᠢᠭᠦᠨ ᠳᠤ ᠲᠠᠯᠪᠢᠨ ᠪᠤᠬᠢᠷᠲᠤᠯ ᠦᠭᠡᠢ ᠬᠦᠭ᠍ᠵᠢᠯᠳᠠ ᠪᠠᠷ ᠲᠠᠭᠠᠭᠤᠯᠬᠤ ᠭᠡᠷᠡᠭᠲᠡᠢ᠃ᠨᠢᠭᠡ ᠪᠦᠰᠡ ᠨᠢᠭᠡ ᠵᠠᠮ》 ᠤ᠋ᠨ ᠪᠦᠲᠦᠭᠡᠡ ᠪᠠᠶᠢᠭᠤᠯᠤᠯᠲᠠ ᠪᠠᠷ ᠭᠤᠤᠯᠲᠠᠭᠤᠯᠤᠨ ᠭᠠᠲᠠᠭᠠᠲᠤ ᠳᠠᠬᠢ ᠪᠡᠯᠡ ᠤᠷᠤᠭᠤᠯᠤᠯᠲᠠ ᠶᠢᠨ ᠠᠷᠭ᠎ᠠ ᠬᠡᠯᠪᠡᠷᠢ ᠪᠠᠨ ᠰᠢᠨᠡᠴᠢᠯᠠᠵᠦ᠂ ᠪᠡᠯᠡ ᠤᠷᠤᠭᠤᠯᠤᠯᠲᠠ ᠪᠠᠷ ᠠᠷᠠᠯᠵᠢᠶᠠᠠ ᠤ ᠬᠦᠭ᠍ᠵᠢᠯᠲᠠ᠂ ᠠᠵᠦ ᠦᠢᠯᠡᠰ ᠤᠨ ᠬᠦᠭ᠍ᠵᠢᠯᠲᠠ ᠶᠢ ᠳᠠᠶᠢᠴᠢᠯᠠᠬᠤ ᠭᠡᠷᠡᠭᠲᠡᠢ᠃ ᠬᠤᠪᠢᠰᠬᠠᠯ ᠤᠨ ᠡᠷᠲᠡ ᠴᠢᠯᠦᠭᠡᠯᠡᠭᠲᠡᠭᠰᠡᠡ ᠤᠷᠤᠨ᠂ ᠦᠨᠲᠦᠰᠦᠲᠡᠡ ᠤ ᠤᠷᠤᠨ᠂ ᠬᠢᠯᠢ ᠬᠢᠵᠠᠭᠠᠷ ᠤᠷᠤᠨ᠂ ᠶᠠᠲᠠᠭᠤ ᠬᠦᠴᠢᠷᠲᠠᠯᠲᠠᠢ ᠤᠷᠤᠨ ᠤ ᠦᠢᠯᠡᠳᠪᠦᠷᠢᠯᠡᠯ ᠠᠮᠢᠲᠤᠷᠠᠯ ᠤᠨ ᠨᠦᠬᠦᠴᠡᠯ ᠢᠶᠠᠨ ᠰᠠᠶᠢᠵᠢᠷᠠᠭᠤᠯᠬᠤ ᠶᠢ ᠲᠡᠮᠵᠢᠨ᠎ᠠ᠃ ᠪᠠᠷᠠᠭᠤᠨ ᠤᠷᠤᠨ ᠢ ᠶᠡᠬᠡᠪᠡᠷ ᠨᠡᠭᠡᠭᠡᠡ ᠬᠦᠭ᠍ᠵᠢᠭᠦᠯᠬᠦ ᠶᠢ ᠠᠬᠢᠭᠤᠯᠵᠦ᠂ ᠵᠡᠭᠦᠨ ᠬᠤᠶᠢᠲᠦ ᠤᠷᠤᠨ ᠵᠡᠷᠭᠡ ᠠᠵᠦ ᠦᠢᠯᠡᠳᠪᠦᠷᠢ ᠶᠢᠨ ᠬᠠᠭᠤᠴᠢᠨ ᠰᠠᠭᠤᠷᠢᠨ ᠢ ᠬᠦᠭ᠍ᠵᠢᠬᠦᠯᠦᠨ ᠮᠠᠨᠳᠤᠭᠤᠯᠬᠤ ᠶᠢ ᠲᠦᠷᠭᠡᠳᠭᠡᠵᠦ᠂ ᠲᠤᠮᠲᠠ ᠤᠷᠤᠨ ᠤ ᠬᠦᠭ᠍ᠵᠢᠯ ᠮᠠᠨᠳᠤᠯ   ᠢ ᠠᠬᠢᠭᠤᠯᠤᠨ ᠵᠡᠭᠦᠨ ᠤᠷᠤᠨ ᠤ ᠴᠢᠨᠠᠷ ᠰᠠᠶᠢᠲᠠᠢ ᠬᠦᠭ᠍ᠵᠢᠯᠳᠡ ᠶᠢ ᠤᠷᠢᠳᠠᠪᠡᠷ ᠠᠬᠢᠭᠤᠯᠬᠤ ᠶᠢ ᠲᠡᠮᠵᠢᠬᠦ ᠬᠡᠷᠡᠭᠲᠡᠢ᠃ ᠭᠤᠸᠠᠩᠳᠦ᠋ᠩ ᠰᠢᠶᠠᠩᠭ᠋ᠠᠩ ᠤᠤᠮᠸᠠ ᠤ ᠶᠡᠭᠡ ᠪᠤᠯᠤᠩ ᠤᠨ ᠤᠷᠤᠨ ᠤ ᠪᠦᠲᠦᠭᠡᠡ ᠪᠠᠶᠢᠭᠤᠯᠤᠯᠲᠠ ᠶᠢ ᠰᠢᠨᠵᠢᠯᠡᠬᠦ ᠤᠬᠠᠭᠠᠠᠴᠢ ᠪᠠᠷ ᠲᠦᠯᠦᠪᠵᠢᠭᠦᠯᠬᠦ ᠬᠡᠷᠡᠭᠲᠡᠢ᠃ ᠬᠤᠲᠠ ᠶᠢᠨ ᠰᠦᠷᠦᠭᠵᠢᠯ ᠤᠨ ᠶᠠᠰᠤ ᠴᠢᠨᠠᠷ ᠢ ᠲᠡᠭᠡᠭ᠍ᠰᠢᠯᠡᠭᠦᠯᠤᠨ ᠲᠤᠮᠤ ᠳᠤᠮᠳᠠ ᠪᠠᠭ᠎ᠠ ᠬᠤᠲᠠ ᠶᠢᠨ ᠲᠤᠤᠷᠵᠢᠭᠰᠠᠨ ᠪᠠᠶᠢᠭᠤᠯᠤᠯᠳᠠ ᠶᠢ ᠠᠬᠢᠭᠤᠯᠵᠦ᠂ ᠬᠦᠲᠡᠭᠡ ᠠᠵᠦ ᠠᠬᠤᠢ ᠠᠴᠠ ᠰᠢᠯᠵᠢᠭᠰᠡᠨ ᠬᠦᠮᠦᠨ ᠠᠮᠠ ᠶᠢ ᠳᠠᠳᠠᠬᠤ ᠪᠠ ᠬᠦᠯᠢᠶᠡᠨ ᠠᠪᠬᠤ ᠴᠢᠲᠠᠪᠤᠷᠢ ᠶᠢ ᠨᠢ ᠴᠢᠩᠭ᠋ᠠᠳᠬᠠᠨ᠂ ᠡᠷᠦᠭᠡ ᠠᠮᠠ ᠶᠢᠨ ᠲᠠᠩᠰᠠ ᠶᠢᠨ ᠲᠦᠷᠢᠮ ᠤᠨ ᠦᠭᠡᠷᠡᠴᠢᠯᠡᠯᠳᠡ ᠶᠢ ᠨᠠᠶᠢᠲᠠᠪᠤᠷᠢᠵᠢᠭᠤᠯᠬᠤ ᠠᠬᠢᠴᠠ ᠪᠠᠨ ᠲᠦᠷᠭᠡᠳᠭᠡᠨ᠎ᠠ᠃ ᠤᠨᠴᠠᠯᠢᠭ ᠲᠠᠢ ᠵᠢᠵᠢᠭ᠌ ᠪᠠᠯᠭᠠᠰᠤᠨ ᠤ ᠡᠷᠡᠭᠦᠯ ᠢᠶᠠᠷ ᠬᠦᠭ᠍ᠵᠢᠬᠦ ᠶᠢ ᠲᠠᠭᠠᠭᠤᠯᠤᠨ᠎ᠠ᠃

    ᠲᠠᠪᠤ ᠳᠤ᠂ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠠ ᠪᠠᠶᠢᠷᠢᠰᠢᠯ ᠢ ᠪᠦᠷᠢᠯᠲᠦᠭᠦᠯᠬᠦ ᠶᠢ ᠠᠬᠢᠭᠤᠯᠤᠨ᠎ᠠ᠃ ᠨᠡᠭᠡᠭᠡᠯᠲᠡ ᠬᠢᠬᠦ ᠬᠦᠷᠢᠶ᠎ᠠ ᠬᠡᠪᠴᠢᠶ᠎ᠠ ᠪᠤᠯᠤᠨ ᠲᠡᠰ ᠲᠠᠪᠬᠤᠷᠭ᠎ᠠ ᠪᠠᠨ ᠴᠢᠨᠠᠭᠰᠢᠲᠠ ᠦᠷᠭᠡᠳᠭᠡᠬᠦ ᠪᠦᠭᠡᠳ ᠦᠵᠡᠯ ᠰᠠᠨᠠᠭ᠎ᠠ ᠤᠢᠢᠯᠠᠭᠠᠭᠲᠠᠬᠤᠠ᠂ ᠪᠦᠲᠦᠴᠡ ᠶᠢᠨ ᠪᠠᠶᠢᠷᠢᠰᠢᠯ᠂ ᠪᠠᠶᠢᠭᠤᠯᠤᠮᠵᠢ ᠲᠤᠭᠲᠠᠴᠠ ᠶᠢᠨ ᠲᠠᠯ᠎ᠠ ᠪᠠᠷ ᠬᠢ ᠨᠡᠭᠡᠭᠡᠯᠳᠡ ᠪᠠᠨ ᠴᠢᠨᠠᠭᠰᠢᠲᠠ ᠦᠷᠭᠡᠳᠭᠡᠬᠦ ᠬᠡᠷᠡᠭᠲᠡᠢ᠃ ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠡᠯ ᠢ ᠠᠯᠬᠤᠮ ᠳᠠᠷᠠᠭ᠎ᠠ ᠲᠠᠢ ᠪᠠᠷ ᠴᠢᠯᠦᠭᠡᠳᠠᠢ ᠪᠤᠯᠭᠠᠵᠦ᠂ ᠵᠠᠬ᠎ᠠ ᠲᠡᠯᠭᠡᠭᠦᠷ ᠲᠤ ᠤᠷᠤᠬᠤ ᠠᠴᠠ ᠡᠮᠦᠨᠡᠬᠢ ᠤᠯᠤᠰ ᠠᠷᠠᠳ ᠤᠨ ᠬᠦᠷᠲᠡᠭᠡᠮᠵᠢ ᠪᠤᠯᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠭᠡᠷᠡᠭᠵᠢᠭᠦᠯᠵᠦ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠦᠷᠭᠦᠯᠵᠢᠯᠡᠡ ᠴᠤᠮᠬᠠᠳᠬᠠᠵᠦ᠂ ᠭᠠᠲᠠᠭᠠᠲᠤ ᠪᠡᠯᠡ ᠲᠠᠢ ᠬᠤᠯᠪᠤᠭᠲᠠᠯ ᠪᠦᠬᠦᠢ ᠬᠠᠤᠯᠢ ᠴᠠᠭᠠᠵᠠ ᠶᠢ ᠱᠠᠯᠠᠪᠲᠠᠠ ᠲᠡᠭᠦᠯᠲᠡᠷᠵᠢᠭᠦᠯᠵᠦ᠂ ᠮᠡᠲᠡᠯᠭᠡ ᠶᠢᠨ ᠦᠮᠴᠢᠯᠡᠬᠦ ᠡᠷᠭᠡ ᠶᠢᠨ ᠬᠠᠮᠠᠭᠠᠯᠠᠯᠲᠠ ᠶᠢ ᠴᠢᠩᠭ᠋ᠠᠳᠬᠠᠬᠤ ᠭᠡᠷᠡᠭᠲᠡᠢ᠃ ᠠᠷᠠᠯᠵᠢᠶᠠᠠ ᠤ ᠲᠡᠩᠴᠡᠬᠦᠷᠢ ᠲᠠᠢ ᠪᠠᠶᠢᠬᠤ ᠶᠢ ᠠᠬᠢᠭᠤᠯᠵᠦ᠂ ᠭᠠᠲᠠᠭᠠᠲᠤ ᠭᠠᠷᠭᠠᠯᠲᠠ ᠶᠢᠨ ᠶᠠᠰᠤ ᠴᠢᠨᠠᠷ ᠪᠤᠯᠤᠨ ᠨᠡᠮᠡᠯᠲᠡ ᠦᠷᠲᠡᠭ ᠢ ᠲᠡᠭᠡᠭ᠍ᠰᠢᠯᠡᠭᠦᠯᠬᠦ ᠶᠢ ᠨᠡᠩ ᠢᠯᠡᠭᠦᠦ ᠴᠢᠬᠤᠯᠠᠴᠢᠯᠠᠵᠦ᠂ ᠭᠠᠲᠠᠭᠠᠲᠤ ᠤᠷᠤᠭᠤᠯᠤᠯᠲᠠ ᠶᠢ ᠢᠲᠡᠪᠬᠢᠲᠠᠢ ᠦᠷᠭᠡᠳᠭᠡᠵᠦ᠂ ᠵᠠᠷᠢᠮ ᠦᠢᠯᠡᠳᠭᠦᠨ ᠤ ᠭᠠᠲᠠᠭᠠᠲᠤ ᠠᠴᠠ ᠤᠷᠤᠭᠤᠯᠬᠤ ᠪᠤᠭᠤᠮᠲᠠ ᠶᠢᠨ ᠭᠠᠶᠢᠯᠢ ᠶᠢ ᠨᠢ ᠪᠠᠭᠤᠷᠠᠭᠤᠯᠤᠨ᠎ᠠ᠃ ᠦᠢᠯᠡᠴᠢᠯᠡᠭᠡᠡ ᠤ ᠠᠷᠠᠯᠵᠢᠶ᠎ᠠ ᠶᠢ ᠶᠡᠬᠡᠪᠠᠷ ᠬᠦᠭ᠍ᠵᠢᠭᠦᠯᠤᠨ᠎ᠠ᠃ ᠴᠢᠯᠦᠭᠡᠲᠦ ᠠᠷᠠᠯᠵᠢᠶᠠᠠ ᠤ ᠲᠤᠷᠰᠢᠯᠲᠠ ᠶᠢᠨ ᠤᠷᠤᠨ ᠤ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠤᠨ ᠠᠵᠢᠯ ᠢ ᠦᠷᠭᠦᠯᠵᠢᠯᠡᠡ ᠠᠬᠢᠭᠤᠯᠤᠨ᠎ᠠ᠃ ᠭᠠᠲᠠᠭᠠᠲᠤ ᠳᠠᠬᠢ ᠪᠡᠯᠡ ᠤᠷᠤᠭᠤᠯᠤᠯᠲᠠ ᠶᠢ ᠪᠦᠲᠦᠮᠵᠢᠲᠠᠢ ᠲᠠᠭᠠᠭᠤᠯᠵᠦ ᠲᠡᠮᠵᠢᠨ᠎ᠠ᠃       

    ᠵᠢᠷᠭᠤᠭ᠎ᠠ ᠳᠤ᠂ ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢᠶᠠᠨ ᠲᠡᠭᠡᠭ᠍ᠰᠢᠯᠡᠭᠦᠯᠤᠨ᠎ᠠ᠃ ᠠᠷᠠᠳ ᠤᠯᠠᠠ ᠤ ᠠᠩᠬᠠᠷᠤᠯ ᠲᠠᠯᠪᠢᠵᠦ ᠪᠠᠶᠢᠭ᠎ᠠ ᠠᠰᠠᠭᠤᠲᠠᠯ ᠳᠤ ᠴᠢᠭᠯᠡᠭᠦᠯᠦᠨ ᠲᠦᠷᠦ ᠶᠢᠨ ᠪᠤᠲᠤᠯᠭ᠎ᠠ ᠪᠠᠨ ᠤᠨᠤᠪᠴᠢᠲᠠᠢ ᠭᠡᠷᠡᠭᠵᠢᠭᠦᠯᠵᠦ᠂ ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠲᠠᠭᠤᠷᠬᠢ ᠲᠠᠷᠤᠭᠠᠰᠤ ᠬᠦᠨᠳᠦ᠂ 《ᠰᠤᠷᠭᠠᠭᠤᠯᠢ ᠰᠢᠯᠢᠬᠦ ᠬᠠᠯᠠᠮᠰᠢᠯ》᠂ 《ᠤᠯᠠᠠ ᠰᠤᠷᠤᠭᠴᠢ ᠲᠠᠢ ᠠᠩᠭᠢ》ᠵᠡᠷᠭᠡ ᠲᠤᠪᠤᠶᠢᠮ᠎ᠠ ᠠᠰᠠᠭᠤᠲᠠᠯ ᠢ ᠴᠢᠷᠮᠠᠶᠢᠨ ᠰᠢᠢᠳᠪᠦᠷᠢᠯᠡᠵᠦ᠂ ᠨᠢᠯᠬ᠎ᠠ ᠬᠡᠤᠭᠡᠳ ᠢ ᠠᠰᠠᠷᠠᠠ ᠬᠠᠷᠠᠭᠠᠯᠵᠠᠬᠤ ᠪᠤᠯᠤᠨ ᠬᠡᠤᠬᠡᠳ ᠤᠨ ᠴᠡᠴᠡᠷᠯᠢᠭ᠌᠌ ᠤᠨ ᠬᠦᠮᠦᠵᠢᠯ ᠤᠨ ᠦᠢᠯᠡᠴᠢᠯᠡᠭᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠠᠵᠢᠯ ᠤᠯᠭᠤᠯᠲᠠ ᠶᠢᠨ ᠵᠦᠷᠢᠴᠡᠯ ᠢ ᠴᠢᠬᠤᠯᠠᠴᠢᠯᠠᠠ ᠰᠢᠢᠳᠪᠦᠷᠢᠯᠡᠵᠦ᠂ ᠬᠦᠢᠰᠦ ᠢᠯᠭᠠᠯ ᠤᠨ ᠭᠠᠲᠠᠭᠤᠷᠴᠢᠯᠠᠯ᠂ ᠪᠡᠶ᠎ᠠ ᠶᠢᠨ ᠭᠠᠷᠤᠯ ᠤᠨ ᠭᠠᠲᠠᠭᠤᠷᠴᠢᠯᠠᠯ ᠤᠨ ᠠᠰᠠᠭᠤᠲᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠦᠨᠲᠦᠰᠦᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ ᠳᠤ ᠦᠭᠡᠷᠡᠴᠢᠯᠡᠯᠲᠡ ᠬᠢᠵᠦ ᠲᠡᠭᠦᠯᠲᠡᠷᠵᠢᠭᠦᠯᠦᠨ᠂ ᠨᠠᠰᠤᠵᠢᠯ ᠤᠨ ᠲᠠᠭᠠᠳᠬᠠᠯ ᠢ ᠪᠦᠬᠦ ᠤᠯᠤᠰ ᠲᠤ ᠨᠢᠭᠡᠲᠦᠯᠲᠠᠢ ᠲᠦᠯᠦᠪᠵᠢᠭᠦᠯᠬᠦ ᠶᠢ ᠲᠦᠷᠭᠡᠳᠬᠡᠨ ᠪᠡᠶᠡᠯᠡᠭᠦᠯᠤᠨ᠎ᠠ᠃ 《ᠡᠪᠡᠳᠴᠢᠨ ᠢᠶᠠᠨ ᠦᠵᠡᠬᠦᠯᠬᠦ ᠳᠤ ᠬᠦᠴᠢᠷ᠂ ᠡᠪᠡᠳᠴᠢᠨ ᠢᠶᠠᠨ ᠦᠵᠡᠬᠦᠯᠬᠦ ᠦᠨ᠎ᠠ ᠲᠠᠢ》ᠠᠰᠠᠭᠤᠳᠠᠯ ᠢ ᠦᠷᠬᠦᠯᠵᠢᠯᠡᠨ ᠰᠠᠶᠢᠳᠤᠷ ᠰᠢᠢᠳᠪᠤᠷᠢᠯᠡᠵᠦ᠂ ᠨᠡᠶᠢᠭᠡᠮ ᠤᠨ ᠪᠡᠯᠡ ᠮᠦᠩᠬᠦ ᠶᠢᠨ ᠨᠠᠰᠤᠵᠢᠯ᠂ ᠡᠮ ᠡᠮᠴᠢᠯᠡᠭᠡ ᠵᠡᠷᠭᠡ ᠬᠦᠷᠢᠶᠡᠨ ᠳᠤ ᠤᠷᠤᠬᠤ ᠶᠢ ᠵᠤᠷᠢᠬᠵᠢᠭᠤᠯᠤᠨ᠎ᠠ᠃ ᠰᠦᠯᠵᠢᠶᠡᠨ ᠳᠡᠭᠡᠷᠡᠬᠢ ᠬᠤᠳᠠᠯ ᠬᠠᠭᠤᠷᠮᠠᠭ ᠮᠡᠳᠡᠭᠡ ᠵᠠᠩᠬᠢ ᠶᠢᠨ ᠮᠡᠭᠡᠯᠡᠯ᠂ ᠬᠤᠪᠢ ᠬᠦᠮᠦᠨ ᠤ ᠮᠡᠳᠡᠭᠡ ᠵᠠᠩᠬᠢ ᠶᠢ ᠰᠠᠷᠢᠭᠠᠯᠠᠨ ᠬᠤᠳᠠᠯᠳᠤᠬᠤ ᠵᠡᠷᠭᠡ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠳᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ ᠴᠢᠳᠠᠯ ᠤᠨ ᠢᠶᠠᠨ ᠬᠢᠷᠢ ᠪᠠᠷ ᠬᠦᠴᠦᠯᠡᠨ ᠴᠢᠷᠮᠠᠶᠢᠵᠦ᠂ ᠲᠤᠪᠤᠶᠢᠮ᠎ᠠ ᠠᠰᠠᠭᠤᠳᠠᠯ ᠵᠢᠴᠢ ᠳᠠᠯᠳᠠ ᠭᠡᠮ ᠢ ᠨᠢ ᠤᠨᠤᠪᠴᠢᠳᠠᠢ ᠤᠯᠵᠤ᠂ ᠨᠢᠬᠳᠠ ᠲᠦᠰᠦᠪᠯᠡᠨ ᠨᠢᠮᠪᠠᠢ ᠠᠵᠢᠯᠯᠠᠬᠤ ᠭᠡᠷᠡᠭᠲᠡᠢ᠃     

    ᠲᠤᠯᠤᠭ᠎ᠠ ᠳᠤ᠂ ᠤᠯᠠᠨ ᠭᠤᠤᠯ ᠴᠤᠭᠴᠠ ᠶᠢᠨ ᠬᠠᠩᠭ᠋ᠠᠯᠭ᠎ᠠ ᠲᠠᠢ᠂ ᠤᠯᠠᠨ ᠠᠷᠭ᠎ᠠ ᠵᠠᠮ ᠤᠨ ᠪᠠᠳᠤᠯᠠᠭ᠎ᠠ ᠲᠠᠢ᠂ ᠲᠦᠷᠢᠶᠡᠰᠦᠯᠡᠬᠦ ᠬᠤᠳᠠᠯᠳᠤᠬᠤ ᠶᠢ ᠵᠡᠷᠭᠡᠪᠡᠷ ᠶᠠᠪᠤᠬᠳᠠᠭᠤᠯᠬᠤ ᠤᠷᠤᠨ ᠰᠠᠭᠤᠴᠠ ᠶᠢᠨ ᠲᠦᠷᠢᠮ ᠢ ᠲᠦᠷᠭᠡᠳᠭᠡᠨ ᠪᠠᠶᠢᠭᠤᠯᠤᠨ᠎ᠠ᠃ ᠤᠷᠤᠨ ᠰᠠᠭᠤᠴᠠ ᠳᠦᠷᠢᠶᠡᠰᠦᠯᠡᠬᠦ ᠵᠠᠬ᠎ᠠ ᠳᠡᠯᠭᠡᠬᠦᠷ ᠢᠯᠠᠩᠭ᠋ᠤᠶ᠎ᠠ ᠤᠷᠳᠤ ᠬᠤᠭᠤᠴᠠᠭ᠎ᠠ ᠪᠠᠷ ᠳᠦᠷᠢᠶᠡᠰᠦᠯᠡᠬᠦ ᠵᠠᠬ᠎ᠠ ᠳᠡᠯᠭᠡᠭᠦᠷ ᠢ ᠬᠦᠭ᠍ᠵᠢᠬᠦᠯᠵᠦ᠂ ᠤᠷᠤᠨ ᠰᠠᠭᠤᠴᠠ ᠲᠦᠷᠢᠶᠡᠰᠦᠯᠡᠬᠦ ᠲᠠᠢ ᠬᠤᠯᠪᠤᠭᠳᠠᠯ ᠪᠦᠬᠦᠢ ᠠᠰᠢᠭ ᠲᠤᠰᠠ ᠶᠢᠨ ᠲᠠᠯ᠎ᠠ ᠶᠢᠨ ᠬᠠᠤᠯᠢ ᠶᠤᠰᠤᠨ ᠤ ᠡᠷᠭᠡ ᠠᠰᠢᠬ ᠢ ᠬᠠᠮᠠᠭᠠᠯᠠᠵᠦ᠂ ᠲᠤᠰᠬᠠᠢᠢᠵᠢᠬᠰᠠᠨ᠂ ᠪᠠᠶᠢᠭᠤᠯᠤᠮᠵᠢᠬᠰᠠᠨ ᠤᠷᠤᠨ ᠰᠠᠭᠤᠴᠠ ᠲᠦᠷᠢᠶᠡᠰᠦᠯᠡᠬᠦ ᠠᠵᠤ ᠠᠬᠤᠢᠢᠯᠠᠯ ᠤᠨ ᠬᠦᠭ᠍ᠵᠢᠯᠳᠠ ᠶᠢ ᠳᠡᠮᠵᠢᠨ᠎ᠠ᠃ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠬᠦᠷ ᠤᠨ ᠲᠤᠭᠳᠠᠭᠤᠨ ᠢᠶᠠᠷ ᠡᠷᠡᠬᠦᠯ ᠢᠶᠠᠷ ᠬᠦᠭ᠍ᠵᠢᠬᠦ ᠶᠢ ᠠᠬᠢᠭᠤᠯᠬᠤ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠦ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠬᠦᠷ ᠢ ᠡᠵᠡᠮᠰᠢᠨ ᠳᠤᠬᠢᠷᠠᠭᠤᠯᠬᠤ ᠲᠦᠷᠦ ᠶᠢᠨ ᠪᠤᠳᠤᠯᠭ᠎ᠠ ᠶᠢᠨ ᠦᠷᠬᠦᠯᠵᠢᠯᠡᠬᠦ ᠴᠢᠨᠠᠷ ᠪᠠ ᠲᠤᠭᠳᠠᠭᠤᠨ ᠴᠢᠨᠠᠷ ᠢ ᠪᠠᠳᠤᠯᠠᠵᠦ᠂ ᠲᠦᠪ ᠤᠨ ᠪᠠ ᠤᠷᠤᠨ ᠨᠤᠳᠤᠭ ᠤᠨ ᠶᠠᠪᠤᠳᠠᠯ ᠡᠷᠭᠡ ᠶᠢ ᠢᠯᠭᠠᠨ ᠰᠠᠯᠭᠠᠵᠦ᠂ ᠠᠳᠠᠯᠢ ᠪᠤᠰᠤ ᠡᠵᠡᠮᠰᠢᠯ ᠲᠤᠬᠢᠷᠠᠭᠤᠯᠭ᠎ᠠ ᠶᠢ ᠭᠡᠷᠡᠭᠵᠢᠬᠦᠯᠤᠨ᠎ᠠ᠃     

    ᠨᠠᠶ᠋ᠮᠠ ᠳᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃ ᠭᠠᠭᠴᠠᠬᠦ ᠬᠦᠭᠡᠮᠳᠦᠭ ᠨᠤᠭᠤᠭᠠᠨ ᠠᠭᠤᠯᠠ ᠤᠰᠤ ᠶᠢ ᠰᠡᠷᠬᠦᠭᠡᠪᠡᠯ ᠰᠠᠶ᠊ᠢ ᠬᠦᠭᠡᠮᠳᠦᠭ ᠨᠤᠭᠤᠭᠠᠨ ᠠᠭᠤᠯᠠ ᠤᠰᠤ ᠶᠢ ᠠᠯᠳᠠ ᠮᠦᠩᠬᠦᠨ ᠠᠭᠤᠯᠠ ᠪᠤᠯᠭᠠᠵᠦ ᠴᠢᠳᠠᠨ᠎ᠠ᠃ 《ᠠᠷᠪᠡᠨ ᠭᠤᠷᠪᠠᠳᠤᠭᠠᠷ ᠲᠠᠪᠤᠨ ᠵᠢᠯ》 ᠤᠨ ᠲᠦᠯᠦᠪᠵᠢᠬᠦᠯᠭᠡ ᠳᠤ ᠲᠤᠭᠳᠠᠭᠠᠭᠰᠠᠨ ᠠᠮᠢ ᠠᠬᠤᠢ ᠶᠢ ᠬᠠᠮᠠᠭᠠᠯᠠᠨ ᠰᠡᠷᠬᠦᠭᠡᠬᠦ ᠴᠢᠬᠤᠯᠠ ᠶᠡᠭᠡ ᠢᠨᠵᠧᠨᠧᠷᠢᠩ ᠢ ᠰᠠᠶᠢᠳᠤᠷ ᠭᠡᠷᠡᠭᠵᠢᠬᠦᠯᠤᠨ᠎ᠠ᠃ ᠶᠡᠭᠡ ᠬᠡᠪᠴᠢᠶᠠᠨ ᠤ ᠤᠯᠤᠰ ᠤᠨ ᠨᠤᠳᠤᠭ ᠲᠡᠪᠢᠰᠭᠡᠷ ᠢ ᠨᠤᠭᠤᠭᠠᠷᠠᠭᠤᠯᠬᠤ ᠠᠵᠢᠯᠯᠠᠭ᠎ᠠ ᠶᠢ ᠡᠬᠢᠯᠡᠬᠦᠯᠵᠦ᠂ ᠤᠯᠤᠰ ᠤᠨ ᠦᠮᠴᠢᠯᠡᠯ ᠤᠨ ᠠᠵᠤ ᠠᠬᠤᠢᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ᠂ ᠭᠠᠳᠠᠭᠠᠳᠦ ᠶᠢᠨ ᠠᠵᠤ ᠠᠬᠤᠢᠢᠯᠠᠯ᠂ ᠬᠠᠮᠳᠦ ᠨᠢᠭᠡᠴᠡ᠂ ᠬᠤᠪᠢ ᠬᠦᠮᠦᠨ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠵᠡᠷᠭᠡ ᠡᠯ᠎ᠠ ᠲᠠᠯ᠎ᠠ ᠶᠢᠨ ᠪᠡᠯᠡ ᠮᠦᠩᠬᠦᠨ ᠤ ᠤᠷᠤᠭᠤᠯᠤᠯᠳᠠ ᠶᠢ ᠳᠠᠭᠠᠭᠤᠯᠵᠦ᠂ ᠲᠤᠰᠬᠠᠢᠢᠯᠠᠨ ᠠᠮᠢ ᠠᠬᠤᠢ ᠶᠢ ᠬᠠᠮᠠᠭᠠᠯᠠᠵᠤ ᠰᠡᠷᠬᠦᠭᠡᠬᠦ ᠦᠢᠯᠡᠰ ᠢ ᠡᠷᠬᠢᠯᠡᠳᠡᠭ ᠨᠢᠭᠡ ᠪᠦᠯᠦᠭ ᠲᠤᠰᠬᠠᠢᠢᠵᠢᠬᠰᠠᠨ ᠠᠵᠤ ᠠᠬᠤᠢᠢᠯᠠᠯ ᠢ ᠪᠤᠶᠢᠵᠢᠭᠤᠯᠤᠨ᠎ᠠ᠃ 《ᠤᠰᠤᠨ ᠤ ᠠᠷᠪᠡᠨ ᠵᠤᠷᠪᠤᠰ》 ᠢ ᠬᠦᠨᠵᠡᠭᠡᠢ ᠭᠡᠷᠡᠭᠵᠢᠬᠦᠯᠵᠦ᠂ 《ᠬᠦᠷᠦᠰᠦᠨ ᠤ ᠠᠷᠪᠠᠨ ᠵᠤᠷᠪᠤᠰ》 ᠢ ᠪᠦᠬᠦ ᠲᠠᠯ᠎ᠠ ᠪᠠᠷ ᠭᠡᠷᠡᠭᠵᠢᠬᠦᠯᠬᠦ ᠭᠡᠷᠡᠭᠲᠡᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠲᠦᠷᠭᠡᠳᠭᠡᠵᠦ᠂ ᠪᠠᠶᠢᠭᠠᠯᠢ ᠶᠢᠨ ᠡᠭᠢ ᠪᠠᠶᠠᠯᠢᠭ ᠡᠳ᠋ ᠬᠦᠷᠦᠩᠭᠡ ᠶᠢᠨ ᠦᠮᠴᠢᠯᠡᠯ ᠤᠨ ᠡᠷᠭᠡ ᠶᠢᠨ ᠲᠦᠷᠢᠮ ᠢ ᠪᠦᠷᠢᠨᠰᠢᠬᠦᠯᠤᠨ ᠵᠠᠬ᠎ᠠ ᠳᠡᠯᠭᠡᠬᠦᠷᠴᠢᠯᠡᠭᠰᠡᠨ᠂ ᠤᠯᠠᠨ ᠡᠰᠢᠵᠢᠭᠰᠡᠨ ᠠᠮᠢ ᠠᠬᠤᠢ ᠶᠢᠨ ᠨᠦᠬᠦᠪᠦᠷᠢ ᠶᠢᠨ ᠲᠤᠭᠳᠠᠴᠠ ᠶᠢ ᠰᠤᠳᠤᠯᠤᠨ ᠪᠠᠶᠢᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠳᠤ ᠦᠭᠡᠷᠡᠴᠢᠯᠡᠯᠳᠡ ᠬᠢᠨ᠎ᠡ᠃       

    ᠬᠤᠷᠠᠯ ᠠᠴᠠ᠂ ᠡᠯ᠎ᠠ ᠲᠠᠯ᠎ᠠ ᠶᠢᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠬᠦᠢᠴᠡᠳ ᠲᠠᠶᠢᠴᠢᠯᠠᠵᠦ᠂ ᠠᠵᠤ ᠠᠬᠤᠢ ᠶᠢᠨ ᠠᠵᠢᠯ ᠢ ᠡᠷᠴᠢᠮ ᠲᠠᠢ ᠡᠮᠬᠢ ᠴᠡᠭᠴᠡ ᠲᠠᠢ ᠰᠠᠶᠢᠳᠤᠷ ᠬᠢᠬᠦ ᠭᠡᠷᠡᠭᠲᠡᠢ᠃ ᠬᠤᠷᠸ᠎ᠠ ᠡᠵᠡᠮᠰᠢᠯ ᠲᠤᠬᠢᠷᠠᠭᠤᠯᠭ᠎ᠠ ᠪᠠᠨ ᠰᠢᠨᠡᠴᠢᠯᠡᠨ ᠳᠡᠬᠦᠯᠳᠡᠷᠵᠢᠬᠦᠯᠵᠦ᠂ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠲᠤᠭᠳᠠᠭᠤᠨ ᠵᠤᠭᠤᠰᠤᠨ ᠤ ᠲᠦᠷᠦ ᠶᠢᠨ ᠪᠤᠳᠤᠯᠭ᠎ᠠ ᠶᠢ ᠰᠠᠶᠢᠳᠤᠷ ᠭᠡᠷᠡᠭᠵᠢᠬᠦᠯᠵᠦ᠂ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠶᠢᠨ ᠲᠤᠭᠳᠠᠴᠠ ᠶᠢ ᠪᠦᠷᠢᠨᠰᠢᠬᠦᠯᠵᠦ᠂ ᠠᠵᠤ ᠠᠬᠤᠢ ᠶᠢᠨ ᠤᠷᠴᠢᠯ ᠤᠨ ᠵᠦᠢ ᠵᠤᠬᠢᠰᠳᠠᠢ ᠭᠡᠪᠴᠢᠶᠠᠨ ᠳᠤ ᠪᠠᠶᠢᠬᠤ ᠶᠢ ᠪᠠᠳᠤᠯᠠᠬᠤ ᠭᠡᠷᠡᠭᠲᠡᠢ᠃ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠯᠠᠪᠳᠠᠭᠤᠨ ᠠᠬᠢᠭᠤᠯᠵᠦ᠂ ᠰᠢᠨ᠎ᠠ ᠬᠦᠳᠡᠯᠭᠡᠬᠦ ᠴᠢᠳᠠᠪᠤᠷᠢ ᠶᠢᠨ ᠦᠷᠬᠦᠯᠵᠢᠯᠡᠨ ᠲᠦᠷᠭᠡᠨ ᠢᠶᠠᠷ ᠳᠡᠭᠡᠭ᠍ᠰᠢᠯᠡᠬᠦ ᠶᠢ ᠠᠬᠢᠭᠤᠯᠵᠦ᠂ ᠦᠢᠯᠡᠳᠬᠦ ᠦᠢᠯᠡᠰ ᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠲᠦᠷᠭᠡᠳᠭᠡᠵᠦ᠂ 《ᠭᠤᠷᠪᠠ ᠶᠢ ᠪᠠᠭᠠᠰᠬᠠᠵᠦ ᠨᠢᠭᠡ ᠶᠢ ᠪᠠᠭᠤᠷᠠᠭᠤᠯᠵᠦ ᠨᠢᠭᠡ ᠶᠢ ᠨᠦᠬᠦᠪᠦᠷᠢᠯᠡᠬᠦ》ᠠᠵᠢᠯ ᠢ ᠦᠷᠬᠦᠯᠵᠢᠯᠡᠨ ᠰᠠᠶᠢᠳᠤᠷ ᠠᠳᠬᠤᠵᠦ᠂ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠭᠡᠷᠡᠭᠲᠡᠢ᠃ ᠰᠢᠨ᠎ᠠ ᠶᠢ ᠡᠬᠦᠳᠬᠦ ᠬᠡᠯᠪᠡᠷᠢ ᠶᠢᠨ ᠤᠯᠤᠰ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠡᠬᠦᠳᠦᠯᠳᠠ ᠳᠤ ᠰᠢᠨ᠎ᠠ ᠠᠬᠢᠯᠳᠠ ᠤᠯᠬᠤ ᠶᠢ ᠠᠬᠢᠭᠤᠯᠵᠦ᠂ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠶᠢᠨ ᠰᠢᠨ᠎ᠠ ᠲᠦᠪᠰᠢᠨ ᠳᠤ ᠬᠦᠷᠬᠦ ᠶᠢ ᠠᠬᠢᠭᠤᠯᠬᠤ ᠭᠡᠷᠡᠭᠲᠡᠢ᠃ ᠴᠢᠬᠤᠯᠠ ᠬᠦᠷᠢᠶ᠎ᠠ ᠪᠠ ᠵᠠᠩᠬᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠳᠠ ᠶᠢᠨ ᠬᠦᠴᠦᠯᠡᠴᠡ ᠶᠢ ᠴᠢᠩᠭ᠋ᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠦᠭ᠍ᠵᠢᠯᠳᠠ ᠶᠢ ᠳᠡᠮᠵᠢᠬᠦ ᠰᠠᠶᠢᠨ ᠰᠠᠶᠢᠬᠠᠨ ᠤᠷᠴᠢᠨ ᠢ ᠪᠤᠢ ᠪᠤᠯᠭᠠᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠯᠤᠰ ᠤᠨ ᠦᠮᠴᠢᠯᠡᠯ ᠤᠨ ᠡᠳ᠋ ᠬᠦᠷᠦᠩᠭᠡ᠂ ᠡᠳ᠋ ᠤᠨ ᠵᠠᠰᠠᠭ ᠮᠦᠩᠬᠦᠨ ᠬᠦᠢᠯᠭᠡᠭᠡᠨ ᠵᠡᠷᠭᠡ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠭᠡᠷᠡᠭᠲᠡᠢ᠃ ᠬᠦᠳᠡᠭᠡ  ᠲᠤᠰᠬᠤᠨ ᠢ ᠬᠦᠭ᠍ᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠦ᠂ ᠤᠷᠤᠨ ᠪᠦᠰᠡ ᠶᠢᠨ ᠬᠦᠭ᠍ᠵᠢᠯᠳᠠ ᠶᠢᠨ ᠰᠢᠨ᠎ᠠ ᠠᠮᠢᠵᠢᠷᠠᠯ ᠤᠨ ᠬᠦᠴᠦᠨ ᠢ ᠬᠦᠭ᠍ᠵᠢᠭᠡᠬᠦ ᠭᠡᠷᠡᠭᠲᠡᠢ᠃ ᠴᠢᠬᠤᠯᠠ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠰᠢᠢᠳᠪᠤᠷᠢᠯᠡᠬᠦ ᠲᠠᠯ᠎ᠠ ᠪᠠᠷ ᠢᠯᠠᠳᠳᠡ ᠠᠬᠢᠯᠳᠠ ᠤᠯᠬᠤ ᠶᠢ ᠪᠠᠳᠤᠯᠠᠵᠦ᠂ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠬᠦᠴᠦᠯᠡᠴᠡ ᠶᠢ ᠨᠡᠮᠡᠭᠳᠡᠬᠦᠯᠵᠦ᠂ ᠪᠤᠬᠢᠷᠳᠤᠯ ᠢ ᠰᠡᠷᠭᠡᠶᠢᠯᠡᠬᠦ ᠲᠠᠯ᠎ᠠ ᠪᠠᠷ ᠨᠡᠩ ᠶᠡᠭᠡ ᠠᠮᠵᠢᠯᠳᠠ ᠪᠦᠳᠦᠮᠵᠢ ᠤᠯᠬᠤ ᠪᠠᠷ ᠴᠢᠷᠮᠠᠶᠢᠬᠤ ᠬᠡᠷᠡᠭᠳᠠᠢ᠃ ᠭᠡᠷᠡᠭᠯᠡᠭᠡ ᠶᠢᠨ ᠠᠵᠤ ᠠᠬᠤᠢ ᠶᠢᠨ ᠬᠦᠭ᠍ᠵᠢᠯᠳᠠ ᠳᠤ ᠦᠵᠡᠭᠦᠯᠬᠦ ᠰᠠᠭᠤᠷᠢ ᠴᠢᠨᠠᠷᠳᠠᠢ ᠦᠢᠯᠡᠳᠦᠯ ᠢ ᠴᠢᠩᠭ᠋ᠠᠳᠬᠠᠵᠤ᠂ ᠪᠡᠯᠡ ᠤᠷᠤᠭᠤᠯᠤᠯᠳᠠ ᠶᠢᠨ ᠬᠠᠩᠭ᠋ᠠᠯᠭ᠎ᠠ ᠶᠢᠨ ᠪᠦᠳᠦᠴᠡ ᠶᠢ ᠰᠢᠯᠢᠳᠡᠭᠵᠢᠬᠦᠯᠬᠦ ᠳᠤ ᠦᠵᠡᠭᠦᠯᠬᠦ ᠵᠠᠩᠬᠢᠯᠠᠭ᠎ᠠ ᠶᠢᠨ ᠴᠢᠨᠠᠷᠳᠠᠢ ᠦᠢᠯᠡᠳᠦᠯ ᠢ ᠪᠠᠳᠠᠷᠠᠭᠤᠯᠬᠤ ᠭᠡᠷᠡᠭᠲᠡᠢ᠃ ᠪᠦᠬᠦ ᠲᠠᠯ᠎ᠠ ᠪᠠᠷ ᠨᠡᠭᠡᠭᠡᠯᠳᠠ ᠬᠢᠬᠦ ᠰᠢᠨ᠎ᠠ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠭᠡᠷᠡᠭᠲᠡᠢ᠃ ᠬᠦᠭ᠍ᠵᠢᠯᠳᠠ ᠶᠢᠨ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠦᠪᠰᠢᠨ ᠢ ᠳᠡᠭᠡᠭ᠍ᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃       

    ᠬᠤᠷᠠᠯ ᠠᠴᠠ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ 《ᠲᠦᠷᠪᠡᠨ ᠤᠬᠠᠮᠰᠠᠷ》 ᠢ᠋ ᠴᠢᠩᠭ᠋ᠠᠳᠬᠠᠵᠤ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠳᠡᠭᠡᠷ᠎ᠠ ᠨᠢᠭᠡᠳᠭᠡᠵᠦ᠂ ᠨᠠᠮ ᠤᠨ ᠲᠦᠪ ᠬᠤᠷᠢᠶᠠᠨ ᠤ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠲᠠᠯ᠎ᠠ ᠪᠠᠷ ᠬᠢ ᠪᠠᠶᠢᠷᠢᠯᠠᠭᠤᠯᠤᠯᠳᠠ ᠳᠡᠭᠡᠷ᠎ᠠ ᠨᠢᠭᠡᠳᠭᠡᠬᠦ ᠭᠡᠷᠡᠭᠲᠡᠢ᠃ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠭᠡᠷᠡᠭᠵᠢᠬᠦᠯᠬᠦ᠂ ᠬᠢᠨᠠᠯᠳᠠ ᠲᠠᠯᠪᠢᠬᠤ᠂ ᠰᠢᠯᠭᠠᠨ ᠦᠨᠡᠯᠡᠬᠦ᠂ ᠱᠠᠩᠨᠠᠨ ᠵᠠᠯᠬᠠᠭᠠᠬᠤ ᠵᠡᠷᠭᠡ ᠠᠵᠢᠯ ᠤᠨ ᠲᠤᠭᠳᠠᠴᠠ ᠶᠢ ᠳᠡᠬᠦᠯᠳᠡᠷᠵᠢᠬᠦᠯᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠵᠠᠷᠯᠢᠭ ᠴᠠᠭᠠᠵᠠ ᠶᠢ ᠶᠤᠰᠤᠴᠢᠯᠠᠨ ᠪᠡᠶᠡᠯᠡᠬᠦᠯᠬᠦ ᠶᠢ ᠪᠠᠳᠤᠯᠠᠬᠤ ᠭᠡᠷᠡᠭᠲᠡᠢ᠃ ᠰᠤᠷᠤᠯᠴᠠᠯᠭ᠎ᠠ ᠪᠠ ᠦᠢᠯᠡᠳᠦᠯᠭᠡ ᠪᠠᠨ ᠴᠢᠩᠭ᠋ᠠᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠬᠦᠮᠦᠵᠢᠬᠦᠯᠤᠨ ᠲᠤᠰᠬᠠᠢ ᠮᠡᠷᠭᠡᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠭᠡᠷᠡᠭᠲᠡᠢ᠃ ᠪᠠᠶᠢᠴᠠᠭᠠᠨ ᠰᠤᠳᠤᠯᠤᠯᠳᠠ ᠶᠢᠨ ᠰᠤᠷᠳᠠᠯ ᠢ ᠶᠡᠭᠡᠪᠡᠷ ᠬᠦᠭ᠍ᠵᠢᠬᠡᠨ ᠲᠤᠳᠠᠭᠤᠳᠠᠯ ᠪᠠᠭᠤᠷᠠᠢ ᠲᠠᠯ᠎ᠠ ᠪᠠᠨ ᠤᠨᠤᠪᠴᠢᠳᠠᠢ ᠡᠷᠢᠵᠦ᠂ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠭᠡᠷᠡᠭᠲᠡᠢ᠃ ᠺᠠᠳ᠋ᠷ ᠢ ᠬᠢᠨᠡᠨ ᠰᠢᠯᠭᠠᠵᠦ ᠦᠨᠡᠯᠡᠬᠦ ᠲᠤᠭᠳᠠᠴᠠ ᠶᠢ ᠳᠡᠬᠦᠯᠳᠡᠷᠵᠢᠬᠦᠯᠵᠦ᠂ ᠺᠠᠳ᠋ᠷ ᠤᠨ ᠵᠤᠷᠢᠬ ᠲᠠᠢ ᠪᠠᠷ ᠰᠢᠨ᠎ᠠ ᠶᠢ ᠡᠬᠦᠳᠬᠦ ᠬᠠᠶᠢᠨ ᠰᠦᠪᠡᠭ᠍ᠴᠢᠯᠡᠯᠳᠡ ᠬᠢᠬᠦ ᠳᠤ ᠦᠮᠦᠭ ᠲᠦᠰᠢᠭ ᠪᠤᠯᠵᠦ ᠵᠤᠷᠢᠬᠵᠢᠭᠤᠯᠬᠤ ᠭᠡᠷᠡᠭᠲᠡᠢ᠃ ᠬᠤᠭᠤᠴᠠᠭ᠎ᠠ ᠰᠤᠯᠢᠬᠤ ᠠᠵᠢᠯ ᠤᠨ ᠲᠤᠭᠳᠠᠭᠤᠨ ᠡᠮᠬᠢ ᠴᠡᠭᠴᠡ ᠲᠠᠢ᠂ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠪᠠᠳᠤᠯᠠᠵᠦ᠂ ᠦᠷᠭᠡᠨ ᠤᠯᠠᠨ ᠺᠠᠳ᠋ᠷ ᠢ ᠲᠠᠭᠠᠭᠤᠯᠤᠨ ᠵᠦᠪ ᠤᠨᠤᠪᠴᠢᠳᠠᠢ ᠤᠯᠤᠰ ᠲᠦᠷᠦ ᠶᠢᠨ ᠠᠮᠵᠢᠯᠳᠠ ᠶᠢᠨ ᠦᠵᠡᠯᠳᠠ ᠶᠢ ᠴᠤᠭᠴᠠᠯᠠᠬᠤ ᠭᠡᠷᠡᠭᠲᠡᠢ ᠭᠡᠵᠦ ᠱᠠᠭᠠᠷᠳᠠᠵᠠᠢ᠃       

    ᠬᠤᠷᠠᠯ ᠠᠴᠠ᠂ ᠪᠦᠬᠦ ᠨᠠᠮ ᠪᠦᠬᠦ ᠤᠯᠤᠰ ᠢᠶᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠ ᠪᠦᠯᠬᠦᠮᠳᠡᠵᠦ᠂ ᠡᠷᠡᠮᠡᠭᠡᠶᠢᠯᠡᠨ ᠤᠷᠤᠬᠰᠢᠯᠠᠵᠦ ᠰᠢᠷᠭᠠᠭᠤ ᠬᠠᠳᠠᠭᠤᠵᠢᠯᠳᠠᠢ ᠠᠵᠢᠯᠯᠠᠵᠦ᠂ ᠡᠯ᠎ᠠ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠲᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠰᠠᠶᠢᠨ ᠰᠠᠶᠢᠬᠠᠨ ᠢᠶᠠᠷ ᠡᠬᠢᠯᠡᠬᠦ ᠶᠢ ᠡᠷᠡᠰ ᠪᠠᠳᠤᠯᠠᠰᠤᠭᠠᠢ ᠭᠡᠵᠦ ᠤᠷᠢᠶᠠᠯᠠᠪᠠ᠃       

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠦᠬᠦᠳ᠂ ᠠᠷᠠᠳ ᠤᠨ ᠳᠡᠭᠡᠳᠦ ᠰᠢᠬᠦᠬᠦ ᠬᠤᠷᠢᠶᠡᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠵᠢᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠬᠦᠳ ᠬᠤᠷᠠᠯ ᠳᠤ ᠤᠷᠤᠯᠴᠠᠵᠠᠢ᠃     

    ᠡᠯ᠎ᠠ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠪᠠ ᠲᠦᠯᠦᠪᠯᠡᠭᠡ ᠳᠤ ᠲᠤᠰᠠᠭᠠᠷ ᠵᠢᠬᠰᠠᠭᠠᠭᠰᠠᠨ ᠬᠤᠳᠠ᠂ ᠰᠢᠨᠵᠢᠶᠠᠩ ᠤᠨ ᠦᠢᠯᠡᠳᠪᠤᠷᠢᠯᠡᠯ ᠪᠦᠳᠦᠭᠡᠨ ᠪᠠᠶᠢᠭᠤᠯᠤᠯᠳᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠳ᠂ ᠲᠦᠪ ᠤᠨ ᠪᠠ ᠤᠯᠤᠰ ᠤᠨ ᠪᠠᠶᠢᠭᠤᠯᠤᠯᠭ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ᠂ ᠲᠦᠪ ᠠᠴᠠ ᠬᠠᠮᠢᠶᠠᠷᠴᠦ ᠪᠠᠶᠢᠭ᠎ᠠ ᠭᠡᠰᠡᠭ ᠠᠵᠤ ᠠᠬᠤᠢᠢᠯᠠᠯ ᠪᠠ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠳ᠂ ᠴᠡᠷᠢᠭ ᠠᠩᠬᠢ ᠵᠢᠴᠢ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122148125