蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠦ ᠢᠢᠨ ᠶᠠᠪᠤᠳᠠᠯ ᠤᠨ ᠬᠤᠷᠢᠶᠠᠨ ᠤ AG600 ᠶ᠋ᠢᠨ ᠠᠩᠬᠠᠨ ᠤ ᠨᠢᠰᠦᠯᠳᠡ ᠠᠮᠵᠢᠯᠳᠠ ᠤᠯᠤᠭᠰᠠᠠ ᠳ᠋ᠤ ᠢᠯᠡᠬᠡᠭᠰᠡᠡ ᠪᠠᠶᠠᠷ ᠤᠨ ᠴᠠᠬᠢᠯᠭᠠᠨ ᠴᠢᠮᠡᠬᠡ

2017-12-25 11:34

    ᠰᠢᠨᠬᠤᠧᠠ ᠬᠤᠷᠢᠶ᠎ᠠ   ᠪᠡᠬᠡᠵᠢᠩ ᠤᠨ 12 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠬᠡ

ᠠᠵᠥ ᠦᠢᠯᠡᠳᠪᠤᠷᠢ ᠪᠠ ᠮᠡᠳᠡᠬᠡ ᠵᠠᠩᠬᠢᠵᠢᠯᠳᠡ ᠢᠢᠨ ᠶᠠᠮᠤᠨ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠲᠤᠪᠴᠢᠶ᠎ᠠ ᠲᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠠᠵᠥ ᠦᠢᠯᠡᠳᠪᠤᠷᠢ ᠢᠢᠨ ᠪᠦᠯᠥᠭᠯᠡᠯ ᠺᠤᠮᠫᠠᠨᠢ ᠵᠢᠴᠢ AG600 ᠶ᠋ᠢᠨ ᠠᠩᠬᠠᠨ ᠤ ᠨᠢᠰᠦᠯᠳᠡ ᠵᠢᠨ ᠡᠬᠦᠷᠬᠡ ᠢᠢ ᠪᠡᠶᠡᠯᠡᠬᠦᠯᠬᠦ ᠳ᠋ᠤ ᠤᠷᠤᠯᠴᠠᠭᠰᠠᠠ ᠡᠯ᠎ᠠ ᠰᠤᠳᠤᠯᠭᠠᠨ ᠤ ᠨᠢᠬᠡᠴᠡ ᠪᠤᠯᠤᠨ ᠪᠦᠬᠦ ᠨᠦᠬᠦᠳ ᠲᠥ᠄

    ᠲᠤᠮᠤ ᠬᠡᠯᠪᠡᠷᠢ ᠢᠢᠨ ᠭᠠᠯ ᠤᠨᠳᠠᠷᠠᠭᠠᠬᠤ \ ᠤᠰᠤᠨ ᠲᠡᠬᠡᠷᠡᠬᠢ ᠠᠪᠤᠷᠠᠨ ᠲᠤᠰᠠᠯᠠᠯᠳᠡ ᠳ᠋ᠤ ᠬᠡᠷᠡᠭᠯᠡᠬᠦ ᠤᠰᠤ ᠬᠠᠭᠤᠷᠠᠢ ᠬᠤᠶᠠᠷ ᠬᠡᠷᠡᠭᠴᠡᠬᠡᠳᠤ ᠨᠢᠰᠭᠦ ᠤᠩᠭᠤᠴᠠ AG600 ᠶ᠋ᠢᠨ ᠠᠩᠬᠠᠨ ᠤ ᠨᠢᠰᠤᠯᠳᠡ ᠠᠮᠵᠢᠯᠳᠠ ᠤᠯᠤᠭᠰᠠᠠ ᠲᠠᠰᠢᠷᠠᠮ ᠢᠶᠡᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎᠎ᠠ᠂ ᠲᠦᠷᠦ ᠢᠢᠨ ᠶᠠᠪᠤᠳᠠᠯ ᠤᠨ ᠬᠤᠷᠢᠶ᠎ᠠ AG600 ᠶ᠋ᠢᠨ ᠲᠦᠷᠦᠯ ᠵᠦᠢᠯ ᠢ ᠰᠤᠳᠤᠯᠤᠨ ᠦᠢᠯᠡᠳᠬᠦ ᠡᠬᠦᠷᠬᠡ ᠢᠢ ᠪᠡᠶᠡᠯᠡᠬᠦᠯᠬᠦ ᠳ᠋ᠤ ᠤᠷᠤᠯᠴᠠᠬᠰᠠᠠ ᠪᠦᠬᠦ ᠨᠢᠬᠡᠴᠡ ᠪᠤᠯᠤᠨ ᠠᠵᠢᠯᠳᠠᠨ ᠳ᠋ᠤ ᠬᠠᠯᠠᠭᠤᠨ ᠪᠠᠶᠠᠷ ᠪᠤᠯᠤᠨ ᠲᠤᠳᠤᠨᠤ ᠮᠡᠨᠳᠤᠴᠢᠯᠡᠯ ᠲᠡᠪᠰᠢᠬᠦᠯᠵᠥ ᠪᠠᠢᠢᠨ᠎ᠠ!

    ᠲᠤᠮᠤ ᠬᠡᠯᠪᠡᠷᠢ ᠢᠢᠨ ᠭᠠᠯ ᠤᠨᠳᠠᠷᠠᠭᠠᠬᠤ \ ᠤᠰᠤᠨ ᠳᠡᠭᠡᠷᠡᠬᠢ ᠠᠪᠤᠷᠠᠨ ᠲᠤᠰᠠᠯᠠᠯᠳᠠ ᠵᠢᠨ ᠤᠰᠤ ᠬᠠᠭᠤᠷᠠᠢ ᠬᠤᠶᠠᠷ ᠬᠡᠷᠡᠭᠴᠡᠭᠡᠳᠤ ᠨᠢᠰᠭᠦ ᠤᠩᠭᠤᠴᠠ AG600 ᠪᠤᠯ ᠮᠠᠨ ᠤ ᠤᠯᠤᠰ ᠤᠨ ᠠᠩᠬᠠᠳᠠᠬᠴᠢ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠳᠦ ᠵᠤᠬᠢᠴᠠᠭᠤᠯᠬᠤ ᠳᠦᠷᠢᠮ ᠲᠤᠭᠳᠠᠭᠠᠯ ᠶᠤᠰᠤᠭᠠᠷ ᠰᠤᠳᠤᠯᠤᠨ ᠦᠢᠯᠡᠳᠦᠭᠰᠡᠨ ᠤᠨᠴᠠᠭᠠᠢ ᠬᠡᠷᠡᠭᠯᠡᠭᠡᠨ ᠤ ᠨᠢᠰᠭᠦ ᠤᠩᠭᠤᠴᠠ ᠪᠤᠯᠤᠨ᠎ᠠ᠂ ᠤᠯᠤᠰ ᠤᠨ ᠪᠠᠴᠢᠮ ᠪᠠᠢᠢᠳᠠᠯ ᠢ ᠠᠷᠭᠠᠴᠠᠬᠤ ᠠᠪᠤᠷᠠᠨ ᠲᠤᠰᠠᠯᠠᠯᠳᠠ ᠵᠢᠨ ᠰᠢᠰᠲ᠋ᠧᠮ ᠤᠨ ᠪᠠᠢᠢᠭᠤᠯᠤᠯᠳᠠ ᠳᠦ ᠲᠤᠯᠭᠠᠮ᠎ᠠ ᠱᠠᠭᠠᠷᠳᠠᠭᠳᠠᠵᠤ ᠪᠦᠬᠦᠢ ᠴᠢᠬᠤᠯᠠ ᠶᠡᠬᠡ ᠠᠭᠠᠷ ᠤᠨ ᠠᠶᠠᠯᠠᠯ ᠤᠨ ᠲᠦᠬᠦᠭᠡᠷᠤᠮᠵᠢ ᠪᠤᠯᠤᠨ᠎ᠠ᠃ ᠡᠨᠡᠬᠦ ᠨᠢᠰᠬᠦ ᠤᠩᠭᠤᠴᠠᠨ ᠤ ᠠᠩᠬᠠᠨ ᠤ ᠨᠢᠰᠦᠯᠳᠡ ᠠᠮᠵᠢᠯᠳᠠ ᠤᠯᠤᠭᠰᠠᠨ ᠨᠢ ᠮᠠᠨ ᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠵᠢᠨ ᠤᠨᠴᠠᠭᠠᠢ ᠬᠡᠷᠡᠭᠯᠡᠭᠡᠨ ᠤ ᠨᠢᠰᠭᠦ ᠤᠩᠭᠤᠴᠠᠨ ᠤ ᠰᠤᠳᠤᠯᠤᠨ ᠦᠢᠯᠡᠳᠬᠦ ᠴᠢᠳᠠᠪᠤᠷᠢ ᠴᠢᠬᠤᠯᠠ ᠶᠡᠬᠡ ᠰᠢᠪᠳᠤᠯᠤᠯᠳᠠ ᠲᠠᠢ ᠪᠤᠯᠤᠭᠰᠠᠠ ᠢ ᠬᠠᠷᠠᠭᠤᠯᠵᠤ᠂ C919 ᠲᠤᠮᠤ ᠬᠡᠯᠪᠡᠷᠢ ᠢᠢᠨ ᠠᠶᠠᠨᠴᠢᠳ ᠤᠨ ᠨᠢᠰᠭᠦ ᠤᠩᠭᠤᠴᠠ ᠠᠩᠬᠠᠨ ᠤ ᠨᠢᠰᠦᠯᠳᠡ ᠠᠮᠵᠢᠯᠳᠠ ᠤᠯᠤᠭᠰᠠᠨ ᠤ ᠳᠠᠷᠠᠭᠠᠭᠢ ᠮᠠᠨ ᠤ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠳᠪᠦᠷᠢ ᠵᠢᠨ ᠬᠦᠭᠵᠢᠯᠳᠡ ᠵᠢᠨ ᠪᠠᠰᠠ ᠨᠢᠭᠡᠨ ᠴᠢᠬᠤᠯᠠ ᠬᠦᠰᠢᠶ᠎ᠠ ᠲᠤᠷᠠᠰᠬᠠᠯ ᠪᠤᠯᠤᠭᠰᠠᠠ ᠪᠠᠢᠢᠨ᠎ᠠ᠃ ᠡᠨᠡ ᠪᠤᠯ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷᠠᠬᠢ ᠮᠠᠨ ᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠵᠢᠨ ᠬᠦᠭᠵᠢᠯᠳᠡ ᠵᠢᠨ ᠬᠠᠮᠤᠭ ᠤᠨ ᠰᠢᠨ᠎ᠠ ᠠᠮᠵᠢᠯᠳᠠ ᠮᠦᠨ᠂ ᠡᠨᠡ ᠨᠢ ᠰᠢᠨ᠎ᠠ ᠬᠦᠭᠵᠢᠯᠳᠡ ᠵᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠰᠢᠨ᠎ᠠ ᠵᠢ ᠡᠭᠦᠳᠬᠦ ᠪᠡᠷ ᠬᠦᠳᠡᠯᠭᠡᠭᠦᠷ ᠪᠤᠯᠭᠠᠬᠤ ᠪᠠᠢᠢᠯᠳᠤᠬᠤ ᠪᠤᠳᠤᠯᠭ᠎ᠠ ᠵᠢ ᠬᠡᠷᠡᠭᠵᠢᠭᠦᠯᠬᠦ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠪᠤᠯᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠦᠴᠦᠷᠬᠡᠭ ᠤᠯᠤᠰ ᠤᠨ ᠪᠦᠲᠦᠭᠡᠨ ᠪᠠᠢᠢᠭᠤᠯᠤᠯᠳᠠ ᠵᠢ ᠠᠬᠢᠭᠤᠯᠬᠤ ᠳᠦ ᠲᠤᠩ ᠴᠢᠬᠤᠯᠠ ᠠᠴᠢ ᠬᠤᠯᠪᠤᠭᠳᠠᠯ ᠲᠠᠢ ᠶᠤᠮ᠃

    ᠰᠢᠨ᠎ᠠ ᠴᠠᠭ ᠦᠶ᠎ᠠ ᠳᠦ ᠰᠢᠨ᠎ᠠ ᠳᠦᠷᠰᠦ ᠪᠠᠢᠢᠳᠠᠯ ᠰᠢᠨ᠎ᠠ ᠵᠢᠳᠭᠦᠯ ᠴᠢᠷᠮᠠᠢᠢᠯᠭ᠎ᠠ ᠲᠠᠢ ᠪᠠᠢᠢᠬᠤ ᠬᠡᠷᠡᠭᠲᠠᠢ᠃ AG600 ᠨᠢᠰᠭᠦ ᠤᠩᠭᠤᠴᠠᠨ ᠤ ᠠᠩᠬᠠᠨ ᠤ ᠨᠢᠰᠦᠯᠳᠡ ᠠᠮᠵᠢᠯᠳᠠ ᠤᠯᠤᠭᠰᠠᠨ ᠨᠢ ᠵᠦᠪᠬᠡᠨ ᠳᠦᠰᠦᠯ ᠰᠤᠳᠤᠯᠤᠨ ᠦᠢᠯᠡᠳᠬᠦ ᠶᠠᠪᠤᠴᠠ ᠳᠡᠬᠢ ᠵᠠᠩᠭᠢᠯᠠᠭ᠎ᠠ ᠵᠢᠨ ᠨᠢᠭᠡ ᠠᠯᠬᠤᠮ ᠳᠡᠳᠦᠢ ᠶᠤᠮ᠂ ᠳᠠᠷᠠᠭᠠᠴᠢ ᠵᠢᠨ ᠡᠭᠦᠷᠭᠡ ᠮᠦᠨᠬᠦ ᠬᠦᠨᠳᠦ ᠪᠠᠢᠢᠭᠰᠠᠭᠠᠷ᠃ ᠳᠠᠨᠠᠷ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠳᠤᠭᠤᠷᠢᠨ ᠳ᠋ᠤ ᠨᠡᠩ ᠨᠢᠬᠳᠠᠷᠡᠨ ᠪᠦᠯᠬᠦᠮᠳᠠᠵᠦ᠂ ᠳᠤᠮᠳᠠᠳᠤ ᠤᠯᠤᠰ ᠤᠨ ᠤᠨᠴᠠᠯᠢᠬ ᠳᠠᠢ ᠨᠡᠢᠢᠭᠡᠮ ᠵᠢᠷᠤᠮ ᠤᠨ ᠠᠭᠤᠤ ᠶᠡᠬᠡ ᠳᠤᠬ ᠢ ᠦᠨᠳᠦᠷ ᠮᠠᠨᠳᠤᠭᠤᠯᠤᠨ᠂ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠬ ᠰᠠᠨᠠᠭ᠎ᠠ ᠵᠢ ᠪᠦᠬᠦ ᠳᠠᠯ᠎ᠠ ᠪᠠᠷ ᠳᠤᠤᠱᠯᠠᠭᠤᠯᠤᠨ ᠨᠠᠢᠢᠳᠠᠪᠤᠷᠢᠵᠢᠭᠤᠯᠵᠦ᠂ ᠰᠢ ᠵᠢᠨ ᠫᠢᠩ ᠤᠨ ᠰᠢᠨ᠎ᠠ ᠴᠠᠬ ᠦᠶ᠎ᠠ ᠵᠢᠨ ᠳᠤᠮᠳᠠᠳᠤ ᠤᠯᠤᠰ ᠤᠨ ᠤᠨᠴᠠᠯᠢᠬᠳᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠤᠬ ᠰᠠᠨᠠᠭ᠎ᠠ ᠪᠡᠨ ᠦᠯᠦ ᠮᠡᠷᠳᠡᠵᠦ ᠡᠬᠦᠷᠬᠡ ᠬᠠᠷᠢᠭᠤᠴᠠᠯᠭ᠎ᠠ ᠪᠡᠨ ᠪᠠᠳᠤ ᠴᠡᠬᠡᠵᠢᠯᠡᠵᠦ᠂ ᠠᠭᠠᠷ ᠤᠨ ᠠᠶᠠᠯᠠᠯ ᠢᠶᠡᠷ ᠡᠬᠡ ᠤᠯᠤᠰ ᠤᠨ ᠢᠶᠡᠨ ᠠᠴᠢ ᠵᠢ ᠬᠠᠷᠢᠭᠤᠯᠬᠤ ᠵᠤᠷᠢᠬ ᠰᠠᠨᠠᠭ᠎ᠠ ᠵᠢ ᠶᠡᠬᠡᠪᠡᠷ ᠪᠠᠳᠠᠷᠠᠭᠤᠯᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠦᠨᠳᠦᠷ ᠤᠷᠬᠢᠯ ᠳ᠋ᠤ ᠵᠤᠷᠢᠬᠳᠠᠢ ᠪᠠᠷ ᠠᠪᠠᠷᠢᠵᠦ᠂ ᠮᠠᠨ ᠤ ᠤᠯᠤᠰ ᠤᠨ ᠳᠤᠮᠤ ᠬᠡᠯᠪᠡᠷᠢ ᠵᠢᠨ ᠤᠰᠤ ᠬᠠᠭᠤᠷᠠᠢ ᠬᠤᠶᠠᠷ ᠬᠡᠷᠡᠭᠴᠡᠬᠡᠳᠦ ᠨᠢᠰᠦᠬᠦᠷ ᠢ ᠰᠤᠳᠤᠯᠤᠨ ᠦᠢᠯᠡᠳᠬᠦ ᠠᠬᠢᠴᠠ ᠵᠢ ᠳᠦᠷᠬᠡᠳᠬᠡᠵᠦ᠂ ᠤᠯᠤᠰ ᠤᠨ ᠪᠠᠴᠢᠮ ᠪᠠᠢᠢᠳᠠᠯ ᠢ ᠠᠷᠭᠠᠴᠠᠬᠤ ᠠᠪᠤᠷᠠᠨ ᠳᠤᠰᠠᠯᠠᠬᠤ ᠠᠭᠠᠷ ᠤᠨ ᠠᠶᠠᠯᠠᠯ ᠤᠨ ᠳᠤᠨᠤᠬᠯᠠᠯ ᠤᠨ ᠰᠢᠰᠲ᠋ᠧᠮ ᠤᠨ ᠪᠠᠢᠢᠭᠤᠯᠤᠯᠳᠠ ᠬᠦᠭᠵᠢᠯᠳᠡ ᠵᠢ ᠠᠬᠢᠭᠤᠯᠵᠦ᠂ ᠴᠢᠨᠡᠬᠡᠯᠢᠭ᠌ ᠨᠡᠢᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠵᠢ ᠤᠯᠬᠤ᠂ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠳᠠᠢ ᠨᠡᠢᠢᠭᠡᠮ ᠵᠢᠷᠤᠮ ᠤᠨ ᠠᠭᠤᠤ ᠶᠡᠬᠡ ᠢᠯᠠᠯᠳᠠ ᠵᠢ ᠳᠡᠮᠡᠴᠡᠨ ᠤᠯᠬᠤ᠂ ᠳᠤᠮᠳᠠᠳᠤ ᠵᠢᠨ ᠦᠨᠳᠦᠰᠦᠳᠡᠨ ᠤ ᠠᠭᠤᠤ ᠶᠡᠬᠡ ᠰᠡᠷᠬᠦᠨ ᠮᠠᠨᠳᠤᠯᠳᠠ ᠵᠢᠨ ᠳᠤᠮᠳᠠᠳᠤ ᠵᠢᠨ ᠮᠦᠷᠦᠬᠡᠳᠦᠯ ᠢ ᠪᠡᠶᠡᠯᠡᠬᠦᠯᠬᠦ ᠳᠤ ᠳᠠᠬᠢᠨᠳᠠ ᠰᠢᠨ᠎ᠠ ᠭᠠᠪᠢᠶ᠎ᠠ ᠵᠢᠳᠬᠦᠯ ᠭᠠᠷᠭᠠᠬᠤ ᠵᠢ ᠬᠦᠰᠡᠵᠦ ᠪᠠᠢᠢᠨ᠎ᠠ!

    ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ

    ᠳᠦᠷᠦ ᠵᠢᠨ ᠶᠠᠪᠤᠳᠠᠯ ᠤᠨ ᠬᠤᠷᠢᠶ᠎ᠠ

    2017 ᠤᠨ ᠤ 12 ᠰᠠᠷ᠎ᠠ ᠵᠢᠨ 24 ᠤ ᠡᠳᠦᠷ

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122162887