ᠰᠢ ᠶᠢᠨ ᠫᠢᠩ᠄ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠥ ᠦᠨᠢ ᠡᠬᠦᠷᠢᠳᠡ ᠤᠷᠤᠬᠰᠢᠯᠠᠬᠤ ᠪᠠᠷᠢᠮᠳᠠᠯᠠᠯ ᠢᠶᠠᠷ ᠨᠠᠮ ᠢ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠬᠦ ᠬᠡᠷᠡᠭᠳᠡᠢ 2018-01-12 11:55

    ᠰᠢᠨᠬᠤᠸᠠ ᠬᠤᠷᠢᠶ᠎ᠠ   ᠪᠡᠭᠡᠵᠢᠩ ᠤᠨ 1 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ᠌ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 11 ᠤ ᠦᠳᠡ ᠶᠢᠨ ᠡᠮᠤᠨ᠎ᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠡ ᠬᠤᠷᠡᠯ ᠲᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠰᠢᠨ᠎ᠡ ᠴᠠᠭ ᠦᠶ᠎ᠡ ᠳᠤ᠂ ᠠᠭᠤᠤ ᠶᠡᠭᠡ ᠦᠢᠯᠡᠰ ᠢ ᠪᠦᠲᠦᠭᠡᠬᠦ ᠳᠤ ᠡᠷᠬᠡᠪᠰᠢ ᠨᠠᠮ ᠤᠨ ᠤᠳᠤᠷᠢᠳᠤᠯᠭ᠎ᠠ ᠳᠤ ᠲᠦᠰᠢᠭᠯᠡᠬᠦ ᠬᠡᠷᠡᠭᠳᠡᠢ᠂ ᠨᠠᠮ ᠵᠠᠪᠠᠯ ᠰᠢᠨ᠎ᠡ ᠲᠦᠷᠰᠦ ᠪᠠᠶᠢᠳᠠᠯ ᠰᠢᠨ᠎ᠡ ᠵᠢᠳᠭᠦᠯ ᠴᠢᠷᠮᠠᠶᠢᠯᠭ᠎ᠠ ᠲᠠᠢ ᠪᠠᠶᠢᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠥ᠂ ᠦᠨᠢ ᠡᠬᠦᠷᠢᠳᠡ ᠤᠷᠤᠬᠰᠢᠯᠠᠬᠤ ᠪᠠᠷᠢᠮᠳᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠪᠠᠶᠢᠳᠠᠯ ᠢ ᠡᠬᠦᠳᠦᠨ ᠨᠡᠭᠡᠭᠡᠬᠦ ᠬᠡᠷᠡᠭᠳᠡᠢ ᠬᠡᠵᠥ ᠴᠢᠬᠤᠯᠠᠴᠢᠯᠠᠪᠠ᠃ 

1 ᠰᠠᠷ᠎ᠠ ᠶᠢᠨ 11 ᠤ ᠡᠳᠦᠷ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠡ ᠬᠤᠷᠡᠯ ᠲᠡᠭᠡᠷ᠎ᠡ ᠴᠢᠬᠤᠯᠠ ᠶᠠᠷᠢᠶ᠎ᠠ ᠲᠠᠯᠪᠢᠪᠠ᠃(ᠵᠢᠷᠤᠭ ᠢ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠰᠢᠶᠧ ᠬᠤᠸᠠᠨ ‍ᠤᠤᠢ)

    ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠬᠡᠢ ᠠᠬᠢᠭᠤᠯᠬᠤ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ 《ᠲᠦᠷᠪᠡᠨ ᠤᠬᠠᠮᠰᠠᠷ》 ᠢ᠋ᠶᠡᠨ ᠴᠢᠩᠭᠠᠷᠠᠭᠤᠯᠵᠥ᠂ 《ᠲᠦᠷᠪᠡᠨ ᠢᠳᠡᠬᠡᠯ》 ᠢ᠋ᠶᠡᠨ ᠪᠠᠳᠤᠳᠬᠠᠵᠥ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠬᠤ ᠪᠠᠷ ᠭᠤᠤᠯᠳᠠᠭᠤᠯᠵᠥ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠬᠠᠮᠠᠭᠠᠯᠠᠬᠤ ᠪᠠᠷ ᠭᠤᠤᠯᠳᠠᠭᠤᠯᠵᠥ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠡ᠂ ᠰᠤᠷᠳᠠᠯ ᠤᠨ ᠪᠠᠶᠢᠭᠤᠯᠤᠯᠳᠠ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠥ᠂ ᠲᠦᠷᠢᠮ ᠤᠨ ᠪᠠᠶᠢᠭᠤᠯᠤᠯᠳᠠ ᠶᠢ ᠡᠳᠡᠭᠡᠷ ᠲᠤ ᠲᠤᠤᠱᠯᠠᠭᠤᠯᠵᠥ᠂ ᠢᠯᠵᠢᠷᠡᠯ ᠢ ᠡᠰᠡᠷᠬᠦᠴᠡᠬᠦ ᠲᠡᠮᠡᠴᠡᠯ ᠢ ᠬᠦᠨᠵᠡᠬᠡᠢ ᠠᠬᠢᠭᠤᠯᠵᠥ᠂ ᠪᠠᠷᠢᠮᠳᠠᠯᠠᠬᠤ ᠲᠤᠮᠳᠠ ᠬᠦᠨᠵᠡᠬᠡᠶᠢᠷᠡᠬᠦᠯᠵᠥ᠂ ᠬᠦᠨᠵᠡᠬᠡᠶᠢᠷᠡᠬᠦᠯᠬᠦ ᠲᠤᠮᠳᠠ ᠬᠦᠭᠵᠢᠬᠦᠯᠵᠥ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢ ᠠᠬᠤᠢ ᠶᠢᠨ ᠦᠨᠳᠦᠰᠦᠨ ᠳᠡᠭᠡᠨ ᠰᠠᠶᠢᠵᠢᠷᠠᠬᠤ ᠶᠢ ᠪᠡᠶᠡᠯᠡᠬᠦᠯᠵᠥ᠂ ᠨᠠᠮ ᠤᠨ ᠡᠬᠦᠳᠦᠨ ᠪᠦᠳᠦᠭᠡᠬᠦ ᠬᠦᠴᠦᠨ᠂ ᠨᠢᠬᠳᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠡ ᠦᠭᠡᠢ ᠴᠢᠩᠭᠠᠷᠠᠭᠤᠯᠵᠥ᠂ ᠴᠢᠨᠡᠭᠡᠯᠢᠭ᠌ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠨᠡᠶᠢᠬᠡᠮ ᠵᠢᠷᠤᠮ ᠤᠨ ᠤᠳᠤᠬᠢᠴᠢᠯᠠᠭᠰᠠᠠ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ ᠯᠢ ᠵᠠᠨ ᠱᠦ᠂ ᠸᠠᠩ ᠶᠠᠩ᠂ ᠸᠠᠩ ᠬᠤ ᠨᠢᠩ᠂ ᠬᠠᠨ ᠵᠧᠩ ᠬᠤᠷᠡᠯ ᠳᠤ ᠤᠷᠤᠯᠴᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠵᠤᠤ ᠯᠧ ᠵᠢᠢ ᠬᠤᠷᠡᠯ ᠢ ᠡᠷᠬᠢᠯᠡᠪᠡ᠃

    ᠰᠢ ᠶᠢᠨ ᠫᠢᠩ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠪᠤᠯ ᠠᠭᠤᠤ ᠶᠡᠭᠡ ᠲᠡᠮᠡᠴᠡᠯ᠂ ᠠᠭᠤᠤ ᠶᠡᠭᠡ ᠦᠢᠯᠡᠰ ᠢ ᠬᠦᠳᠦᠯᠥᠨ ᠵᠢᠯᠤᠭᠤᠳᠴᠦ᠂ ᠡᠴᠤᠰ ᠲᠡᠭᠡᠨ ᠠᠭᠤᠤ ᠶᠡᠭᠡ ᠵᠡᠬᠦᠳᠤ ᠶᠢ ᠪᠡᠶᠡᠯᠡᠬᠦᠯᠬᠦ ᠦᠨᠳᠦᠰᠦᠨ ᠪᠠᠳᠤᠯᠠᠭ᠎ᠠ ᠮᠥᠨ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ᠂ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠬᠤ ᠬᠡᠷᠡᠭᠳᠡᠢ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠳᠤ ᠬᠠᠮᠤᠭ ᠤᠨ ᠦᠨᠳᠦᠰᠦᠨ ᠵᠦᠢᠯ ᠪᠤᠯ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠪᠠᠷᠢᠮᠳᠠᠯᠠᠬᠤ ᠶᠠᠪᠤᠳᠠᠯ ᠪᠤᠯᠤᠨ᠎ᠠ᠃ ᠪᠢᠳᠡ ᠠᠰᠢᠬᠳᠠᠢ ᠪᠠᠶᠢᠳᠠᠯ ᠢ ᠠᠮᠵᠢᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠳᠠ᠂ ᠲᠡᠷᠢᠬᠦᠨ ᠤ ᠴᠢᠨᠠᠷ ᠪᠤᠯᠤᠨ ᠴᠡᠪᠡᠷ ᠴᠢᠨᠠᠷ ᠤᠨ ᠪᠠᠶᠢᠭᠤᠯᠤᠯᠳᠠ ᠶᠢ ᠴᠢᠩᠭᠠᠳᠬᠠᠬᠤ ᠡᠨᠡᠬᠦ ᠭᠤᠤᠯ ᠰᠢᠵᠢᠮ ᠢ ᠪᠠᠳᠤ ᠡᠵᠡᠮᠰᠢᠵᠥ᠂ ᠦᠩᠭᠡ ᠦᠨᠳᠦᠰᠦ ᠶᠢ ᠨᠢ ᠵᠡᠷᠭᠡᠪᠡᠷ ᠵᠠᠰᠠᠬᠤ ᠶᠡᠷᠤᠩᠬᠡᠶᠢᠯᠡᠭᠰᠡᠡ ᠦᠢᠯᠡᠳᠦᠯ ᠢ ᠪᠠᠳᠠᠷᠠᠭᠤᠯᠵᠥ᠂ ᠢᠮᠠᠬᠳᠠ ᠴᠠᠭ ᠦᠶ᠎ᠡ ᠶᠢᠨ ᠡᠮᠤᠨ᠎ᠡ ᠡᠩᠨᠡᠬᠡᠨ ᠳᠤ ᠶᠠᠪᠤᠳᠠᠭ᠂ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ ᠢ ᠤᠯᠳᠠᠭ᠂ ᠵᠤᠷᠢᠬᠳᠡᠢ ᠪᠠᠷ ᠦᠪᠡᠷ ᠤᠨ ᠪᠡᠶ᠎ᠡ ᠳᠡᠭᠡᠨ ᠬᠤᠪᠢᠰᠬᠠᠯ ᠬᠢᠳᠡᠭ᠂ ᠡᠯ᠎ᠡ ᠵᠦᠢᠯ ᠤᠨ ᠰᠠᠯᠬᠢ ᠰᠢᠭᠤᠷᠭᠠᠨ ᠤ ᠰᠢᠯᠭᠠᠯᠳᠡ ᠶᠢ ᠲᠠᠭᠠᠭᠠᠳᠠᠭ᠂ ᠴᠤᠭ ᠪᠠᠳᠠᠷᠠᠩᠭᠤᠢ ᠮᠠᠷᠺᠰ ᠤᠨ ᠦᠵᠡᠯ ᠤᠨ ᠲᠦᠷᠦ ᠶᠢᠨ ᠨᠠᠮ ᠪᠤᠯᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃

    ᠰᠢ ᠶᠢᠨ ᠫᠢᠩ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠡᠯ ᠤᠨ ᠳᠠᠷᠠᠭ᠎ᠠ᠂ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠦᠴᠦᠨ ᠬᠦᠷᠦᠯᠴᠡᠬᠦ ᠦᠭᠡᠢ ᠪᠠᠶᠢᠭ᠎ᠠ ᠭᠡᠮ ᠰᠤᠭᠤᠭ ᠢᠶᠠᠨ ᠴᠢᠩᠭ᠎ᠠ ᠠᠩᠬᠠᠷᠴᠤ᠂ ᠮᠠᠨ ᠤ ᠨᠠᠮ ᠤᠨ ᠲᠡᠤᠬᠡᠨ ᠲᠡᠭᠡᠷᠡᠬᠢ ᠪᠦᠲᠦᠮᠵᠢᠳᠠᠢ ᠰᠠᠶᠢᠨ ᠲᠤᠷᠰᠢᠯᠭ᠎ᠠ ᠰᠠᠶᠢᠨ ᠠᠷᠭ᠎ᠠ ᠪᠠᠨ ᠪᠠᠳᠠᠷᠠᠭᠤᠯᠬᠤ ᠶᠢ ᠪᠠᠷᠢᠮᠳᠠᠯᠠᠵᠥ᠂ ᠨᠠᠮ ᠢ ᠬᠠᠮᠢᠶᠠᠷᠬᠤ ᠨᠠᠮ ᠢ ᠵᠠᠰᠠᠬᠤ ᠵᠢᠮ᠎ᠠ ᠶᠤᠰᠤ ᠶᠢᠨ ᠲᠤᠬᠠᠢ ᠲᠠᠨᠢᠯᠳᠡ ᠪᠠᠨ ᠬᠦᠨᠵᠡᠬᠡᠶᠢᠷᠡᠬᠦᠯᠵᠥ᠂ ᠰᠢᠨ᠎ᠡ ᠲᠤᠷᠰᠢᠯᠭ᠎ᠠ ᠶᠢ ᠡᠬᠦᠳᠴᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠤᠪᠤᠶᠢᠮ᠎ᠠ ᠦᠷ᠎ᠡ ᠪᠦᠳᠦᠮᠵᠢ ᠤᠯᠪᠠ᠃ ᠠᠮᠵᠢᠯᠳᠠ ᠬᠢᠯᠪᠡᠷ ᠪᠤᠰᠤ ᠪᠠᠷ ᠢᠷᠡᠵᠠᠢ᠂ ᠲᠤᠷᠰᠢᠯᠭ᠎ᠠ ᠮᠠᠰᠢ ᠬᠤᠪᠤᠷ ᠨᠠᠨᠳᠢᠨ ᠶᠤᠮ᠂ ᠪᠢᠳᠡ ᠤᠷᠳᠤ ᠬᠤᠭᠤᠴᠠᠭ᠎ᠠ ᠪᠠᠷ ᠪᠠᠷᠢᠮᠳᠠᠯᠠᠵᠥ᠂ ᠲᠠᠰᠤᠷᠠᠯᠳᠡ ᠦᠭᠡᠢ ᠬᠦᠨᠵᠡᠬᠡᠶᠢᠷᠡᠬᠦᠯᠬᠦ ᠴᠢᠬᠤᠯᠠᠳᠠᠢ᠃ ᠨᠢᠬᠡ ᠳᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠤᠯᠤᠨ ᠲᠦᠷᠢᠮ ᠢᠶᠠᠷ ᠨᠠᠮ ᠢᠶᠠᠨ ᠵᠠᠰᠠᠬᠤ ᠶᠢ ᠨᠢᠬᠡᠳᠬᠡᠬᠦ ᠶᠢ ᠪᠠᠷᠢᠮᠳᠠᠯᠠᠵᠥ᠂ ᠦᠵᠡᠯ ᠰᠠᠨᠠᠭᠠᠨ ᠤ ᠠᠰᠠᠭᠤᠳᠠᠯ ᠢᠶᠠᠨ ᠰᠢᠢᠳᠪᠤᠷᠢᠯᠡᠬᠦ ᠪᠠᠷ ᠪᠠᠷᠠᠬᠤ ᠦᠭᠡᠢ᠂ ᠪᠠᠰᠠ ᠲᠦᠷᠢᠮ ᠤᠨ ᠠᠰᠠᠭᠤᠳᠠᠯ ᠢ ᠰᠢᠢᠳᠪᠤᠷᠢᠯᠡᠵᠥ᠂ ᠬᠦᠰᠡᠯᠡᠩ ᠢᠳᠡᠬᠡᠯ ᠪᠢᠰᠢᠷᠡᠯ ᠢᠶᠠᠨ ᠪᠠᠳᠤᠳᠬᠠᠬᠤ ᠶᠢ ᠦᠨᠳᠦᠰᠦᠨ ᠡᠬᠦᠷᠬᠡ ᠪᠤᠯᠭᠠᠵᠥ᠂ ᠲᠦᠷᠢᠮ ᠤᠨ ᠪᠠᠶᠢᠭᠤᠯᠤᠯᠳᠠ ᠶᠢ ᠨᠠᠮ ᠤᠨ ᠡᠯ᠎ᠡ ᠵᠦᠢᠯ ᠤᠨ ᠪᠠᠶᠢᠭᠤᠯᠤᠯᠳᠠ ᠳᠤ ᠲᠤᠤᠱᠯᠠᠭᠤᠯᠬᠤ ᠬᠡᠷᠡᠭᠳᠡᠢ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠷ ᠵᠢᠯᠤᠭᠤᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠵᠤ᠂ ᠤᠳᠤᠬᠠᠨ ᠤ ᠪᠠᠶᠢᠳᠠᠯ ᠳᠤ ᠦᠨᠳᠦᠰᠦᠯᠡᠨ ᠠᠰᠠᠭᠤᠳᠠᠯ ᠳᠤ ᠰᠢᠭᠤᠳ ᠬᠠᠨᠳᠤᠵᠤ᠂ ᠠᠷᠠᠳ ᠤᠯᠠᠨ ᠤ ᠬᠠᠮᠤᠭ ᠤᠨ ᠬᠠᠨᠤᠮᠵᠢ ᠦᠭᠡᠢ ᠠᠰᠠᠭᠤᠳᠠᠯ ᠢ ᠰᠢᠢᠳᠪᠤᠷᠢᠯᠡᠬᠦ ᠳᠡᠭᠡᠷ᠎ᠠ ᠬᠦᠴᠤ ᠤᠷᠤᠭᠤᠯᠬᠤ ᠪᠦᠭᠡᠳ ᠢᠷᠡᠭᠡᠳᠦᠢ ᠳᠤ ᠬᠠᠨᠳᠤᠵᠤ᠂ ᠦᠨᠳᠦᠷ ᠲᠤ ᠵᠤᠭᠰᠤᠨ ᠠᠯᠤᠰ ᠢ ᠪᠠᠷᠠᠯᠠᠵᠤ᠂ ᠨᠢᠭᠡᠳᠦᠯᠳᠠᠢ ᠲᠦᠯᠦᠪᠵᠢᠭᠦᠯᠬᠦ ᠪᠠᠨ ᠴᠢᠩᠭᠠᠳᠬᠠᠬᠤ᠂ ᠦᠵᠦ ᠲᠦᠯᠦᠪᠯᠡᠭᠡ ᠪᠠᠨ ᠴᠢᠩᠭᠠᠳᠬᠠᠬᠤ ᠲᠠᠯ᠎ᠠ ᠪᠠᠷ ᠬᠦᠴᠦ ᠤᠷᠤᠭᠤᠯᠬᠤ ᠬᠡᠷᠡᠭᠳᠠᠢ᠃ ᠭᠤᠷᠪᠠ ᠳᠤ᠂ 《ᠵᠠᠩᠭᠢᠯᠠᠭ᠎ᠠ ᠶᠢᠨ ᠴᠦᠬᠡᠨ ᠲᠤᠭᠠᠳᠠᠨ》 ᠢ᠋ ᠠᠳᠬᠤᠬᠤ ᠪᠠ 《ᠵᠤᠩᠭᠢᠯᠠᠬᠤ ᠤᠯᠠᠨ ᠲᠤᠭᠠᠳᠠᠨ》 ᠢ᠋ ᠬᠠᠮᠢᠶᠠᠷᠬᠤ ᠶᠢ ᠨᠢᠭᠡᠳᠦᠯᠳᠠᠢ ᠪᠠᠶᠢᠯᠭᠠᠬᠤ ᠶᠢ ᠪᠠᠷᠢᠮᠳᠠᠯᠠᠵᠤ᠂ ᠦᠷᠭᠡᠨ ᠤᠯᠠᠨ ᠨᠠᠮ ᠤᠨ ᠭᠡᠰᠢᠭᠦᠨ ᠳᠤ ᠨᠡᠶᠢᠳᠡᠮ ᠤᠨ ᠴᠢᠨᠠᠷᠳᠠᠢ ᠱᠠᠭᠠᠷᠳᠠᠯᠭ᠎ᠠ ᠲᠠᠯᠪᠢᠬᠤ ᠪᠦᠭᠡᠳ《ᠵᠠᠩᠭᠢᠯᠠᠭ᠎ᠠ ᠶᠢᠨ ᠴᠦᠬᠡᠨ ᠲᠤᠭᠠᠳᠠᠨ》 ᠤᠨᠴᠠᠭᠠᠢᠢᠯᠠᠨ ᠳᠡᠭᠡᠳᠦ ᠵᠡᠷᠭᠡ ᠶᠢᠨ ᠺᠠᠳ᠋ᠷ ᠲᠤ ᠨᠡᠩ ᠦᠨᠳᠦᠷ ᠨᠡᠩ ᠴᠢᠩᠭ᠎ᠠ ᠪᠠᠷᠢᠮᠵᠢᠶ᠎ᠠ ᠳᠤᠷᠠᠳᠴᠤ᠂ ᠨᠡᠩ ᠴᠢᠩᠭ᠎ᠠ ᠬᠠᠮᠢᠶᠠᠷᠤᠯᠳᠠ ᠪᠠ ᠬᠢᠨᠠᠯᠳᠠ ᠲᠠᠯᠪᠢᠯᠳᠠ ᠬᠢᠬᠦ ᠬᠡᠷᠡᠭᠳᠠᠢ᠃ ᠳᠦᠷᠪᠡ ᠳᠤ᠂ ᠡᠷᠬᠡ ᠪᠠᠨ ᠬᠡᠷᠡᠭᠵᠢᠭᠦᠯᠬᠦ ᠪᠤᠯᠤᠨ ᠬᠠᠷᠢᠭᠤᠴᠠᠯᠭ᠎ᠠ ᠡᠭᠦᠷᠭᠡᠯᠡᠬᠦ ᠶᠢ ᠨᠢᠭᠡᠳᠦᠯᠳᠠᠢ ᠪᠠᠶᠢᠯᠭᠠᠬᠤ ᠶᠢ ᠪᠠᠷᠢᠮᠳᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠩᠬᠢᠨᠢ ᠪᠠᠷ ᠬᠠᠮᠤᠭ ᠤᠨ ᠦᠨᠳᠦᠰᠦᠨ ᠤᠯᠤᠰ ᠲᠦᠷᠦ ᠶᠢᠨ ᠡᠭᠦᠷᠭᠡᠯᠡᠯ ᠪᠤᠯᠭᠠᠵᠤ᠂ 《ᠬᠠᠷᠢᠭᠤᠴᠠᠯᠭ᠎ᠠ》 ᠭᠡᠬᠦ ᠦᠭᠡ ᠶᠢ ᠪᠠᠲᠦ ᠴᠡᠭᠡᠵᠢᠯᠡᠵᠦ᠂ 《ᠬᠠᠷᠢᠭᠤᠴᠠᠯᠭ᠎ᠠ ᠨᠡᠬᠡᠮᠵᠢᠯᠡᠬᠦ》 ᠭᠡᠬᠦ ᠵᠠᠩᠭᠢᠯᠠᠭ᠎ᠠ ᠶᠢ ᠪᠠᠳᠤ ᠡᠵᠡᠮᠳᠡᠬᠦ ᠬᠡᠷᠡᠭᠲᠠᠢ᠃ ᠲᠠᠪᠤ ᠳᠤ᠂ ᠴᠢᠩᠭ᠎ᠠ ᠬᠠᠮᠢᠶᠠᠷᠬᠤ ᠪᠤᠯᠤᠨ ᠢᠳᠡᠭᠡᠵᠦ ᠬᠠᠯᠠᠮᠵᠢᠯᠠᠬᠤ ᠶᠢ ᠨᠢᠭᠡᠳᠦᠯᠳᠠᠢ ᠪᠠᠶᠢᠯᠭᠠᠬᠤ ᠶᠢ ᠪᠠᠷᠢᠮᠳᠠᠯᠠᠵᠤ᠂ ᠦᠨᠡᠨᠬᠦ ᠬᠠᠮᠢᠶᠠᠷᠴᠤ ᠦᠨᠡᠨᠬᠦ ᠴᠢᠩᠭ᠎ᠠ ᠪᠠᠶᠢᠬᠤ᠂ ᠵᠤᠷᠢᠭᠳᠠᠢ ᠬᠠᠮᠢᠶᠠᠷᠴᠤ ᠵᠤᠷᠢᠭᠳᠠᠢ ᠴᠢᠩᠭ᠎ᠠ ᠬᠠᠨᠳᠤᠬᠤ᠂ ᠪᠠᠶᠢᠩᠭᠤ ᠬᠠᠮᠢᠶᠠᠷᠴᠤ ᠪᠠᠶᠢᠩᠭᠤ ᠴᠢᠩᠭ᠎ᠠ ᠬᠠᠨᠳᠤᠬᠤ ᠶᠢ ᠪᠠᠷᠢᠮᠳᠠᠯᠠᠵᠤ᠂ ᠦᠩᠬᠡᠷᠡᠭᠰᠡᠨ ᠢ ᠨᠢ ᠵᠠᠯᠬᠠᠭᠠᠵᠤ ᠬᠤᠶᠢᠳᠤᠬᠢ ᠳᠤᠨᠢ ᠴᠡᠭᠡᠷᠯᠡᠯ ᠪᠤᠯᠭᠠᠬᠤ᠂ ᠡᠪᠡᠳᠴᠢᠨ ᠢ ᠨᠢ ᠵᠠᠰᠠᠵᠤ ᠡᠳᠡᠬᠡᠷᠡᠬᠦᠯᠥᠨ ᠠᠪᠬᠤ ᠤᠯᠠᠮᠵᠢᠯᠠᠯᠳᠦ ᠴᠢᠭᠯᠡᠯᠳᠡ ᠶᠢ ᠲᠤᠤᠱᠯᠠᠭᠤᠯᠵᠤ᠂ ᠡᠷᠳᠡ ᠠᠴᠠ ᠠᠳᠬᠤᠨ ᠪᠠᠭ᠎ᠠ ᠠᠴᠠ ᠨᠢ ᠠᠳᠬᠤᠵᠤ᠂ ᠪᠠᠭ᠎ᠠ ᠳᠡᠭᠡᠷ᠎ᠠ ᠨᠢ ᠰᠡᠷᠭᠡᠶᠢᠯᠡᠵᠦ᠂ ᠺᠠᠳ᠋ᠷ ᠠᠰᠠᠭᠤᠳᠠᠯ ᠭᠠᠷᠬᠤ ᠶᠢ ᠴᠢᠳᠠᠬᠤ ᠶᠢᠨ ᠲᠤᠳᠤᠷ᠎ᠠ ᠬᠢᠵᠠᠭᠠᠷᠯᠠᠵᠤ᠂ ᠺᠠᠳ᠋ᠷ ᠤᠨ ᠢᠳᠡᠪᠬᠢᠵᠢᠯ ᠢ ᠬᠠᠮᠤᠭ ᠤᠨ ᠶᠡᠭᠡ ᠬᠡᠮᠵᠢᠶ᠎ᠠ ᠪᠠᠷ ᠪᠠᠳᠠᠷᠠᠭᠤᠯᠬᠤ ᠬᠡᠷᠡᠭᠲᠠᠢ᠃ ᠵᠢᠷᠭᠤᠭ᠎ᠠ ᠳᠤ᠂ ᠨᠠᠮ ᠤᠨ ᠳᠤᠳᠤᠭᠠᠳᠦ ᠶᠢᠨ ᠬᠢᠨᠠᠯᠳᠠ ᠲᠠᠯᠪᠢᠯᠳᠠ ᠪᠤᠯᠤᠨ ᠤᠯᠠᠨ ᠲᠦᠮᠡᠨ ᠤ ᠬᠢᠨᠠᠯᠳᠠ ᠲᠠᠯᠪᠢᠯᠳᠠ ᠶᠢ ᠨᠢᠭᠡᠳᠦᠯᠳᠠᠢ ᠪᠠᠶᠢᠯᠭᠠᠬᠤ ᠶᠢ ᠪᠠᠷᠢᠮᠳᠠᠯᠠᠵᠤ᠂ ᠨᠠᠮ ᠤᠨ ᠳᠤᠳᠤᠭᠠᠳᠦ ᠶᠢᠨ ᠬᠢᠨᠠᠯᠳᠠ ᠲᠠᠯᠪᠢᠯᠳᠠ ᠪᠠᠷ ᠪᠤᠰᠤᠳ ᠬᠢᠨᠠᠯᠳᠠ ᠲᠠᠯᠪᠢᠯᠳᠠ ᠶᠢ ᠳᠠᠶᠢᠴᠢᠯᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠳᠡᠪᠰᠢᠭᠦᠯᠬᠦ ᠪᠤᠯᠤᠨ ᠰᠢᠭᠦᠮᠵᠢᠯᠡᠨ ᠬᠢᠨᠠᠯᠳᠠ ᠲᠠᠯᠪᠢᠬᠤ ᠠᠷᠭ᠎ᠠ ᠵᠠᠮ ᠢ ᠢᠳᠡᠪᠬᠢᠲᠠᠢ ᠪᠠᠷ ᠦᠷᠭᠡᠳᠭᠡᠵᠤ᠂ ᠤᠯᠠᠨ ᠲᠦᠮᠡᠨ ᠤ ᠬᠢᠨᠠᠯᠳᠠ ᠲᠠᠯᠪᠢᠬᠤ ᠦᠢᠯᠡᠳᠦᠯ᠂ ᠶᠠᠷᠢᠶ᠎ᠠ ᠬᠡᠯᠡᠯᠴᠡᠭᠡᠨ ᠤ ᠬᠢᠨᠠᠯᠳᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠠᠢ ᠭᠡᠵᠤ ᠵᠢᠭᠠᠵᠤ ᠭᠠᠷᠭᠠᠪᠠ᠃

    ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠷᠬᠡᠪᠰᠢ ᠤᠷᠳᠤ ᠬᠤᠭᠤᠴᠠᠭ᠎ᠠ ᠪᠠᠷ ᠴᠦᠬᠦᠷᠡᠰᠢ ᠦᠭᠡᠢ᠂ ᠭᠤᠶᠢᠪᠢᠰᠢ ᠦᠭᠡᠢ ᠠᠳᠬᠤᠬᠤ ᠬᠡᠷᠡᠭᠲᠠᠢ᠃ ᠳᠡᠯᠡᠬᠡᠢ ᠶᠢᠨ ᠪᠠ ᠤᠯᠤᠰ ᠤᠨ ᠳᠤᠳᠤᠭᠠᠳᠦ ᠶᠢᠨ ᠤᠷᠴᠢᠨ ᠲᠤᠭᠤᠷᠢᠨ ᠤ ᠡᠯ᠎ᠠ ᠵᠦᠢᠯ ᠤᠨ ᠡᠯᠧᠮᠧᠨ᠋ᠲ ᠤᠨ ᠨᠦᠯᠦᠭᠡᠯᠡᠯ ᠠᠴᠠ ᠪᠤᠯᠵᠤ᠂ ᠮᠠᠨ ᠤ ᠨᠠᠮ ᠤᠨ ᠲᠦᠷᠦ ᠪᠠᠷᠢᠬᠤ ᠤᠷᠴᠢᠨ ᠮᠦᠨᠬᠦ ᠮᠠᠰᠢ ᠨᠠᠷᠢᠨ ᠪᠤᠳᠤᠯᠢᠶᠠᠨᠳᠠᠢ ᠪᠠᠶᠢᠵᠤ᠂ ᠨᠠᠮ ᠤᠨ ᠲᠡᠷᠢᠭᠦᠨ ᠤ ᠴᠢᠨᠠᠷ ᠢ ᠨᠦᠯᠦᠭᠡᠯᠡᠬᠦ᠂ ᠨᠠᠮ ᠤᠨ ᠴᠡᠪᠡᠷ ᠴᠢᠨᠠᠷ ᠢ ᠰᠤᠯᠠᠷᠠᠭᠤᠯᠬᠤ ᠡᠯᠧᠮᠧᠨ᠋ᠲ ᠴᠤ ᠮᠠᠰᠢ ᠨᠠᠷᠢᠨ ᠪᠤᠳᠤᠯᠢᠶᠠᠨᠳᠠᠢ ᠪᠠᠶᠢᠨ᠎ᠠ᠃ ᠨᠠᠮ ᠤᠨ ᠡᠩᠨᠡᠭᠡ ᠪᠤᠯᠤᠨ ᠲᠤᠰ ᠪᠡᠶ᠎ᠠ ᠶᠢᠨ ᠪᠠᠶᠢᠳᠠᠯ ᠳᠤ ᠴᠢᠬᠤᠯᠠ ᠶᠡᠭᠡ ᠪᠦᠭᠡᠳ ᠭᠦᠨᠵᠡᠭᠡᠢ ᠬᠤᠪᠢᠷᠠᠯᠳᠠ ᠡᠭᠦᠰᠴᠤ᠂ ᠨᠠᠮ ᠤᠨ ᠪᠠᠶᠢᠭᠤᠯᠤᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠴᠢᠳᠠᠪᠬᠢ ᠪᠠ ᠵᠤᠬᠢᠶᠠᠨ ᠪᠠᠶᠢᠭᠤᠯᠤᠯᠳᠠ ᠶᠢᠨ ᠴᠢᠳᠠᠪᠬᠢ ᠶᠢ ᠴᠢᠩᠭᠠᠳᠬᠠᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠪᠢᠳᠡ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠪᠠᠷᠢᠮᠳᠠᠯᠠᠵᠤ᠂ 《ᠪᠡᠷᠬᠡ ᠬᠠᠳᠠᠭᠤᠵᠢᠯᠳᠠᠢ ᠪᠤᠯᠬᠤ ᠲᠤᠳᠤᠮ ᠭᠠᠪᠰᠢᠭᠠᠢᠢᠯᠠᠨ ᠤᠷᠤᠭᠰᠢᠯᠠᠬᠤ》 ᠪᠠᠭᠠᠳᠤᠷᠯᠢᠭ ᠰᠦᠰᠦ ᠵᠤᠷᠢᠭ ᠪᠤᠯᠤᠨ 《ᠠᠰ ᠲᠤᠯᠤᠨ ᠡᠷᠡᠯᠬᠡᠭᠯᠡᠨ ᠪᠠᠶᠢᠯᠳᠤᠵᠤ ᠢᠯᠠᠯᠳᠠ ᠤᠯᠬᠤ》 ᠲᠡᠮᠡᠴᠡᠯ ᠤᠨ ᠵᠤᠷᠢᠭ ᠰᠠᠨᠠᠭ᠎ᠠ ᠪᠠᠷ ᠡᠷᠡᠰ ᠭᠤᠶᠢᠪᠢᠰᠢ ᠦᠭᠡᠢ ᠰᠠᠶᠢᠳᠦᠷ ᠠᠳᠬᠤᠬᠤ ᠬᠡᠷᠡᠭᠲᠠᠢ ᠭᠡᠵᠤ ᠴᠢᠬᠤᠯᠠᠴᠢᠯᠠᠵᠠᠢ᠃

    ᠰᠢ ᠶᠢᠨ ᠫᠢᠩ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠠᠢ᠃ ᠨᠠᠮ ᠤᠨ ᠲᠦᠪ ᠬᠤᠷᠢᠶᠠᠨ ᠤ ᠭᠠᠷᠭᠠᠭᠰᠠᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠮ ᠤᠨ ᠵᠤᠬᠢᠶᠠᠨ ᠪᠠᠶᠢᠭᠤᠯᠤᠯᠳᠠ ᠪᠦᠬᠦᠨ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠤᠭᠰᠤᠯᠳᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠢᠮᠠᠭᠳᠠ ᠨᠠᠮ ᠤᠨ ᠲᠦᠪ ᠬᠤᠷᠢᠶ᠎ᠠ ᠯᠤᠭ᠎ᠠ ᠳᠡᠭᠡᠳᠦ ᠬᠡᠮᠵᠢᠶ᠎ᠠ ᠪᠠᠷ ᠨᠢᠭᠡᠳᠦᠯᠳᠠᠢ ᠪᠠᠶᠢᠬᠤ ᠬᠡᠷᠡᠭᠲᠠᠢ᠃ ᠶᠠᠮᠠᠷᠪᠠ ᠴᠠᠭ ᠦᠶ᠎ᠠ ᠶᠠᠮᠠᠷᠪᠠ ᠪᠠᠶᠢᠳᠠᠯ ᠳᠤ᠂ ᠨᠠᠮ ᠤᠨ ᠤᠳᠤᠷᠢᠳᠬᠤ ᠺᠠᠳ᠋ᠷ ᠴᠦᠮ ᠤᠯᠤᠰ ᠲᠦᠷᠦ ᠶᠢᠨ ᠲᠠᠯ᠎ᠠ ᠪᠠᠷ ᠪᠠᠳᠤ ᠵᠤᠭᠰᠤᠯᠳᠠ ᠲᠠᠢ᠂ ᠨᠠᠶᠢᠳᠠᠪᠤᠷᠢᠲᠠᠢ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ᠂ ᠨᠠᠮ ᠤᠨ ᠲᠦᠪ ᠬᠤᠷᠢᠶ᠎ᠠ ᠯᠤᠭ᠎ᠠ ᠰᠡᠳᠭᠢᠯ ᠨᠢᠭᠡᠳᠠᠢ ᠵᠤᠷᠢᠭ ᠨᠢᠭᠡᠳᠠᠢ ᠪᠠᠶᠢᠵᠤ᠂ ᠨᠠᠮ ᠤᠨ ᠤᠳᠤᠷᠢᠳᠤᠯᠭ᠎ᠠ ᠶᠢ ᠳᠠᠭᠠᠵᠤ᠂ ᠨᠠᠮ ᠤᠨ ᠲᠦᠯᠦᠭᠡ ᠵᠢᠳᠭᠦᠨ ᠴᠢᠷᠮᠠᠶᠢᠬᠤ ᠬᠡᠷᠡᠭᠲᠠᠢ᠃ ᠡᠪ ᠬᠠᠮᠲᠦ ᠶᠤᠰᠤᠨ ᠤ ᠠᠯᠤᠰ ᠬᠡᠳᠦ ᠶᠢᠨ ᠬᠦᠰᠡᠯᠡᠩ ᠪᠤᠯᠤᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠮᠲᠦ ᠶᠢᠨ ᠬᠦᠰᠡᠯᠡᠩ ᠤᠨ ᠬᠤᠪᠢᠰᠤᠩᠭᠤᠢ ᠬᠠᠷᠢᠴᠠᠭ᠎ᠠ ᠶᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠬᠦᠭᠵᠢᠭᠦᠯᠬᠦ᠂ ᠦᠨᠳᠦᠰᠦᠳᠡᠨ ᠤ ᠰᠡᠷᠭᠦᠨ ᠮᠠᠨᠳᠤᠯᠳᠠ ᠶᠢ ᠪᠠᠶᠡᠯᠡᠭᠦᠯᠬᠦ ᠪᠤᠳᠠᠳᠠᠢ ᠠᠵᠢᠯ ᠠᠴᠠ ᠰᠠᠯᠤᠩᠭᠢᠷᠠᠨ ᠬᠡᠢ ᠬᠤᠭᠤᠰᠤᠨ ᠬᠦᠰᠡᠯᠡᠩ ᠢ ᠶᠠᠷᠢᠵᠤ ᠬᠦᠭᠡᠭᠡᠴᠡᠯᠳᠦᠵᠤ ᠪᠤᠯᠬᠤ ᠦᠭᠡᠢ ᠪᠦᠭᠡᠳ ᠡᠪ ᠬᠠᠮᠲᠦ ᠶᠤᠰᠤ ᠶᠢ ᠪᠡᠶᠡᠯᠡᠭᠦᠯᠬᠦ ᠨᠢ ᠨᠢᠭᠡᠨ ᠲᠦᠢᠯ ᠤᠨ ᠤᠷᠳᠤ ᠤᠳᠠᠭᠠᠨ ᠲᠡᠤᠬᠡᠨ ᠶᠠᠪᠤᠴᠠ ᠪᠤᠯᠬᠤ ᠤᠴᠢᠷ ᠠᠴᠠ ᠬᠡᠯᠡᠭᠰᠡᠨ ᠢᠶᠠᠨ ᠮᠡᠯᠵᠢᠵᠦ ᠠᠯᠤᠰ ᠬᠡᠳᠦ ᠶᠢᠨ ᠬᠦᠰᠡᠯᠡᠩ ᠢᠶᠠᠨ ᠲᠠᠶᠠᠭᠳᠠᠵᠤ ᠪᠤᠯᠬᠤ ᠦᠭᠡᠢ ᠶᠤᠮ ᠭᠡᠵᠤ ᠵᠢᠭᠠᠵᠤ ᠭᠠᠷᠭᠠᠵᠠᠢ᠃

    ᠰᠢ ᠶᠢᠨ ᠫᠢᠩ᠂ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠴᠦᠬᠦᠷᠡᠰᠢ ᠦᠭᠡᠢ ᠨᠠᠶᠢᠳᠠᠪᠤᠷᠢᠵᠢᠭᠤᠯᠵᠤ᠂ ᠨᠠᠮ ᠪᠤᠯᠤᠨ ᠤᠯᠠᠨ ᠲᠦᠮᠡᠨ ᠤ ᠴᠢᠰᠦ ᠮᠢᠬᠠᠨ ᠤ ᠬᠠᠷᠢᠴᠠᠭ᠎ᠠ ᠶᠢ ᠪᠠᠲᠤᠯᠠᠬᠤ ᠬᠡᠷᠡᠭᠲᠠᠢ᠃ ᠪᠠᠶᠢᠩᠭᠤ ᠪᠦᠭᠡᠳ ᠤᠷᠲᠦ ᠬᠤᠭᠤᠴᠠᠭ᠎ᠠ᠂ ᠴᠢᠩᠭ᠎ᠠ ᠪᠦᠭᠡᠳ ᠪᠤᠳᠠᠳᠠᠢ᠂ ᠭᠦᠨ ᠪᠦᠭᠡᠳ ᠨᠠᠷᠢᠯᠢᠭ ᠪᠠᠶᠢᠬᠤ ᠳᠡᠭᠡᠷ᠎ᠠ ᠦᠷᠭᠦᠯᠵᠢᠯᠡᠨ ᠬᠦᠴᠦ ᠤᠷᠤᠭᠤᠯᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠳᠠᠯ ᠤᠨ ᠰᠢᠨ᠎ᠠ ᠬᠠᠨᠳᠤᠰᠢ ᠰᠢᠨ᠎ᠠ ᠢᠯᠡᠷᠡᠯ ᠢ ᠨᠢᠬᠳᠠ ᠠᠩᠬᠠᠷᠴᠤ᠂ ᠳᠠᠬᠢᠨ ᠰᠡᠷᠬᠦᠵᠦ ᠳᠠᠬᠢᠨ ᠳᠡᠯᠭᠡᠷᠡᠬᠦ ᠶᠢ ᠡᠷᠡᠰ ᠬᠤᠷᠢᠬᠯᠠᠬᠤ ᠬᠡᠷᠡᠭᠲᠠᠢ᠃ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠵᠠᠰᠠᠨ ᠵᠠᠯᠠᠷᠠᠭᠤᠯᠵᠤ᠂ ᠨᠢᠭᠡᠳᠦᠭᠡᠷ ᠬᠠᠷᠢᠭᠤᠴᠠᠯᠭᠠᠳᠠᠨ ᠭᠤᠤᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠠᠢ᠃ ᠭᠦᠨᠵᠡᠭᠡᠢ ᠪᠠᠶᠢᠴᠠᠭᠠᠨ ᠰᠤᠳᠤᠯᠤᠯᠳᠠ ᠬᠢᠬᠦ ᠲᠠᠯ᠎ᠠ ᠪᠠᠷ ᠬᠦᠴᠦ ᠤᠷᠤᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠵᠤ᠂ ᠪᠤᠳᠠᠳᠤ ᠪᠠᠶᠢᠳᠠᠯ ᠲᠠᠢ ᠤᠢᠢᠷᠠᠳᠬᠤ ᠪᠠ ᠤᠯᠠᠨ ᠲᠦᠮᠡᠨ ᠲᠠᠢ ᠤᠢᠢᠷᠠᠳᠬᠤ ᠪᠤᠳᠠᠳᠠᠢ ᠶᠢ ᠡᠷᠬᠢᠮᠯᠡᠬᠦ ᠠᠷᠭ᠎ᠠ ᠬᠡᠮᠵᠢᠶ᠎ᠠ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ᠃ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠳᠤ ᠡᠷᠬᠡᠪᠰᠢ ᠨᠠᠮ ᠪᠤᠯᠤᠨ ᠤᠯᠠᠨ ᠲᠦᠮᠡᠨ ᠤ ᠴᠢᠰᠦ ᠮᠢᠬᠠᠨ ᠤ ᠬᠠᠷᠢᠴᠠᠭ᠎ᠠ ᠭᠡᠬᠦ ᠡᠨᠡᠬᠦ ᠵᠠᠩᠭᠢᠯᠠᠭ᠎ᠠ ᠲᠠᠢ ᠨᠢᠭᠳᠠ ᠤᠶᠠᠯᠳᠤᠭᠤᠯᠬᠤ ᠬᠡᠷᠡᠭᠲᠠᠢ᠃ ᠤᠳᠤᠷᠢᠳᠬᠤ ᠺᠠᠳ᠋ᠷ ᠡᠷᠬᠡᠪᠰᠢ ᠤᠨᠴᠠ ᠡᠷᠬᠡ ᠶᠢᠨ ᠦᠵᠡᠯ ᠰᠠᠨᠠᠭ᠎ᠠ᠂ ᠤᠨᠴᠠ ᠡᠷᠬᠡ ᠶᠢᠨ ᠦᠵᠡᠭᠳᠡᠯ ᠢ ᠡᠷᠡᠰ ᠡᠰᠡᠷᠭᠦᠴᠡᠵᠤ᠂ ᠠᠷᠠᠳ ᠲᠦᠮᠡᠨ ᠳᠤ ᠴᠢᠩ ᠦᠨᠡᠨᠴᠢ ᠰᠡᠳᠭᠢᠯ ᠢᠶᠠᠷ ᠬᠠᠨᠳᠤᠵᠤ᠂ ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠳᠤᠨ ᠳᠤ ᠲᠦᠪᠯᠡᠷᠡᠭᠦᠯᠵᠤ᠂ ᠪᠡᠶ᠎ᠠ ᠪᠠᠷ ᠢᠶᠠᠨ ᠤᠯᠠᠨ ᠲᠦᠮᠡᠨ ᠤ ᠳᠤᠮᠳᠠ ᠭᠦᠨᠵᠡᠭᠡᠶᠢᠷᠡᠵᠤ᠂ ᠤᠯᠠᠨ ᠲᠦᠮᠡᠨ ᠲᠠᠢ ᠨᠢᠭᠤᠷᠳᠠᠵᠤ᠂ ᠰᠡᠳᠬᠢᠯ ᠰᠡᠳᠬᠢᠯ ᠢᠶᠠᠨ ᠬᠤᠯᠪᠤᠵᠤ᠂ ᠤᠯᠠᠨ ᠲᠦᠮᠡᠨ ᠤ ᠠᠵᠢᠯ ᠢ ᠦᠨᠡᠨ ᠪᠤᠳᠠᠳᠠᠢ ᠰᠠᠶᠢᠲᠤᠷ ᠬᠢᠵᠤ᠂ ᠤᠯᠠᠨ ᠲᠦᠮᠡᠨ ᠤ ᠳᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠠᠢ ᠭᠡᠵᠤ ᠴᠢᠬᠤᠯᠠᠴᠢᠯᠠᠵᠠᠢ᠃

    ᠰᠢ ᠶᠢᠨ ᠫᠢᠩ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠥ᠂ ᠴᠢᠩᠭ᠎ᠠ ᠲᠤᠳᠤᠷᠬᠠᠢ ᠰᠠᠬᠢᠯᠭ᠎ᠠ ᠪᠠᠳᠤ ᠪᠠᠷ ᠪᠦᠬᠦ ᠨᠠᠮ ᠢ ᠬᠠᠮᠢᠶᠠᠷᠴᠦ ᠪᠦᠬᠦ ᠨᠠᠮ ᠢ ᠵᠠᠰᠠᠬᠤ ᠬᠡᠷᠡᠭᠳᠡᠢ᠃ ᠰᠠᠬᠢᠯᠭ᠎ᠠ ᠪᠠᠳᠤ ᠶᠢᠨ ᠬᠦᠮᠥᠵᠢᠯ ᠢ ᠴᠢᠩᠭᠠᠳᠬᠠᠵᠥ᠂ ᠲᠡᠮᠤᠷ ᠮᠡᠳᠤ ᠰᠠᠬᠢᠯᠭ᠎ᠠ ᠪᠠᠳᠤ ᠶᠢ ᠨᠠᠮ ᠤᠨ ᠬᠡᠰᠢᠬᠦᠨ᠂ ᠺᠠᠳ᠋ᠷ ᠤᠨ ᠡᠳᠤᠷ ᠲᠤᠳᠤᠮ ᠤᠨ ᠳᠠᠳᠬᠠᠯ ᠪᠤᠯᠤᠨ ᠤᠬᠠᠮᠰᠠᠷᠳᠤ ᠵᠢᠷᠤᠮᠯᠠᠯ ᠪᠤᠯᠭᠠᠬᠤ ᠬᠡᠷᠡᠭᠳᠡᠢ᠃ ᠰᠠᠬᠢᠯᠭ᠎ᠠ ᠪᠠᠳᠤ ᠶᠢᠨ ᠲᠦᠷᠢᠮ ᠲᠤᠭᠳᠠᠭᠠᠯ ᠢ ᠲᠡᠬᠦᠯᠳᠡᠷᠵᠢᠬᠦᠯᠵᠥ᠂ ᠲᠦᠷᠢᠮ ᠤᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ᠶᠢ ᠪᠡᠶᠡᠯᠡᠬᠦᠯᠬᠦ ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠲᠤᠭᠤᠢᠢᠯᠠᠩ) ᠵᠤᠷᠢᠬᠳᠡᠢ ᠪᠠᠷ ᠠᠳᠬᠤᠨ ᠵᠤᠷᠢᠬᠳᠡᠢ ᠪᠠᠷ ᠬᠠᠮᠢᠶᠠᠷᠴᠦ᠂ ᠰᠠᠬᠢᠯᠭ᠎ᠠ ᠪᠠᠳᠤ ᠶᠢ ᠴᠢᠩᠭ᠎ᠠ ᠬᠡᠷᠡᠭᠵᠢᠬᠦᠯᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠬᠦᠷᠬᠡᠯᠡᠵᠤ ᠠᠪᠬᠤ ᠬᠡᠷᠡᠭᠳᠡᠢ ᠬᠡᠵᠥ ᠵᠢᠭᠠᠵᠥ ᠭᠠᠷᠭᠠᠪᠠ᠃

    ᠰᠢ ᠶᠢᠨ ᠫᠢᠩ᠂ ᠦᠩᠭᠡ ᠦᠨᠳᠦᠰᠦ ᠶᠢ ᠨᠢ ᠵᠡᠷᠭᠡᠪᠡᠷ ᠵᠠᠰᠠᠬᠤ ᠶᠢ ᠭᠦᠨᠵᠡᠭᠡᠶᠢᠷᠡᠭᠦᠯᠵᠦ᠂ ᠢᠯᠵᠢᠷᠠᠯ ᠢ ᠡᠰᠡᠷᠭᠦᠴᠡᠬᠦ ᠲᠡᠮᠡᠴᠡᠯ ᠤᠨ ᠲᠡᠶᠢᠯᠦᠩᠭᠦᠢ ᠢᠯᠠᠯᠳᠠ ᠶᠢ ᠲᠡᠮᠡᠴᠡᠨ ᠤᠯᠬᠤ ᠬᠡᠷᠡᠭᠲᠡᠢ᠃ ᠦᠩᠭᠡ ᠦᠨᠳᠦᠰᠦ ᠶᠢ ᠨᠢ ᠵᠡᠷᠭᠡᠪᠡᠷ ᠵᠠᠰᠠᠬᠤ ᠳᠤ ᠦᠨᠳᠦᠰᠦ ᠠᠴᠠ ᠨᠢ ᠵᠠᠰᠠᠬᠤ ᠰᠠᠭᠤᠷᠢ ᠪᠠᠨ ᠪᠠᠬᠢᠵᠢᠭᠦᠯᠬᠦ ᠬᠡᠷᠡᠭᠲᠡᠢ ᠪᠦᠭᠡᠳ ᠦᠩᠭᠡᠨ ᠲᠠᠯ᠎ᠠ ᠶᠢ ᠵᠠᠰᠠᠬᠤ ᠬᠤᠷᠴᠠ ᠵᠡᠪᠰᠡᠭ ᠢ ᠵᠤᠷᠢᠬᠲᠠᠢ ᠪᠠᠷ ᠬᠡᠷᠡᠭᠯᠡᠬᠦ ᠬᠡᠷᠡᠭᠲᠡᠢ᠃ ᠬᠤᠷᠢᠭᠠᠳᠤ ᠤᠷᠤᠨ ᠦᠭᠡᠢ᠂ ᠨᠢᠭᠡ ᠶᠢ ᠴᠤ ᠤᠷᠬᠢᠬᠳᠠᠭᠤᠯᠬᠤ ᠦᠭᠡᠢ᠂ ᠤᠬᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠬᠤᠷᠢᠬᠯᠠᠬᠤ ᠶᠢ ᠴᠢᠬᠤᠯᠠᠴᠢᠯᠠᠬᠤ᠂ ᠲᠠᠷᠤᠯᠳᠠ ᠶᠢ ᠴᠢᠩᠭᠠᠷᠠᠭᠤᠯᠬᠤ᠂ ᠦᠷᠬᠦᠯᠵᠢ ᠠᠶᠤᠯᠭᠠᠨ ᠰᠦᠷᠳᠡᠬᠦᠯᠬᠦ ᠶᠢ ᠪᠠᠶᠢᠡᠭᠭᠤᠵᠢᠭᠤᠯᠬᠤ ᠶᠢ ᠪᠠᠷᠢᠮᠲᠠᠯᠠᠵᠤ᠂ ᠬᠡᠬᠡᠯᠢ ᠢᠳᠡᠵᠥ ᠬᠠᠭ᠋ᠤᠤᠯᠢ ᠳᠦᠯᠬᠢᠬᠦ ᠶᠢ ᠵᠡᠷᠭᠡᠪᠡᠷ ᠪᠠᠶᠢᠴᠠᠭᠠᠬᠤ ᠶᠢ ᠪᠠᠷᠢᠮᠲᠠᠯᠠᠵᠤ᠂ ᠦᠯᠡᠳᠡᠪᠤᠷᠢ ᠶᠢ ᠨᠢ ᠡᠷᠡᠰ ᠪᠠᠭᠠᠰᠬᠠᠵᠤ᠂ ᠨᠡᠮᠡᠭᠳᠡᠯ ᠢ ᠭᠤᠤᠯᠳᠠᠯᠭ᠎ᠠ ᠲᠠᠢ ᠬᠢᠵᠠᠭᠠᠷᠯᠠᠬᠤ ᠬᠡᠷᠡᠭᠲᠡᠢ᠃ 《ᠪᠠᠷᠰ》 ᠢ᠋ ᠲᠤᠯᠤᠭᠠᠢ ᠦᠨᠳᠡᠶᠢᠬᠦ ᠪᠠᠷ ᠨᠢ ᠰᠢᠭᠤᠳ ᠴᠤᠬᠢᠬᠤ ᠪᠦᠭᠡᠳ 《ᠢᠯᠠᠭ᠎ᠠ》 ᠳᠤᠷ᠎ᠠ ᠪᠠᠷ ᠢᠶᠠᠨ ᠨᠢᠰᠬᠦ ᠪᠠᠷ ᠨᠢ ᠴᠤ ᠰᠢᠭᠤᠳ ᠴᠤᠬᠢᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦᠨ ᠱᠠᠲᠤ ᠵᠦᠭ ᠭᠦᠨᠵᠡᠭᠡᠶᠢᠷᠡᠬᠦ ᠶᠢ ᠠᠬᠢᠭᠤᠯᠵᠤ᠂ ᠤᠯᠠᠨ ᠲᠦᠮᠡᠨ ᠤ ᠲᠡᠷᠬᠡᠳᠡᠬᠢ ᠢᠯᠵᠢᠷᠠᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠢ᠃ ᠬᠠᠷᠬᠢᠰ ᠬᠦᠴᠦᠨ ᠬᠠᠷ᠎ᠠ ᠪᠦᠯᠦᠭᠳᠡᠨ ᠢ ᠠᠷᠢᠯᠭᠠᠬᠤ ᠠᠵᠢᠯ ᠢ ᠢᠯᠵᠢᠷᠠᠯ ᠢ ᠡᠰᠡᠷᠭᠦᠴᠡᠬᠦ ᠲᠡᠮᠡᠴᠡᠯ ᠲᠠᠢ ᠤᠶᠠᠯᠳᠤᠭᠤᠯᠤᠨ᠂ ᠬᠠᠷ᠎ᠠ ᠪᠦᠯᠦᠭᠳᠡᠨ ᠲᠠᠢ ᠬᠤᠯᠪᠤᠬᠳᠠᠬᠤ ᠵᠤᠬᠢᠶᠠᠨ ᠪᠠᠶᠢᠭᠤᠯᠤᠯᠲᠠ ᠶᠢ ᠪᠠᠷᠢᠬᠤ ᠪᠦᠭᠡᠳ ᠲᠡᠳᠡᠨ ᠤ ᠠᠷᠤ ᠳᠠᠬᠢ《ᠬᠠᠮᠠᠭᠠᠯᠠᠬᠴᠢ ᠡᠳᠡᠭᠡᠳ》 ᠢ᠋ ᠴᠤ ᠪᠠᠷᠢᠪᠴᠢᠯᠠᠬᠤ ᠬᠡᠷᠡᠭᠲᠡᠢ᠃ ᠢᠯᠵᠢᠷᠠᠯ ᠢ ᠡᠰᠡᠷᠭᠦᠴᠡᠬᠦ ᠶᠠᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠤᠯᠠᠨ ᠤᠯᠤᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠢᠯᠵᠢᠷᠠᠯ ᠤᠨ ᠶᠠᠯᠠᠳᠦ ᠡᠳᠡᠭᠡᠳ ᠢ ᠠᠶᠤᠯᠭᠠᠨ ᠰᠦᠷᠳᠡᠭᠦᠯᠬᠦ ᠶᠢ ᠴᠢᠩᠭᠠᠳᠬᠠᠬᠤ ᠬᠡᠷᠡᠭᠲᠡᠢ᠃ ᠢᠯᠵᠢᠷᠠᠬᠤ ᠠᠴᠠ ᠵᠢᠷᠦᠬᠡᠰᠢᠶᠡᠬᠦ ᠰᠦᠷᠳᠡᠭᠦᠯᠦᠯ ᠢ ᠴᠢᠩᠭᠠᠳᠬᠠᠵᠤ᠂ ᠢᠯᠵᠢᠷᠠᠵᠤ ᠪᠤᠯᠬᠤ ᠦᠭᠡᠢ ᠰᠢᠩᠭᠡᠯᠢᠭ ᠢ ᠴᠢᠩᠭ᠎ᠠ ᠭᠦᠷᠦᠵᠦ᠂ ᠢᠯᠵᠢᠷᠠᠬᠤ ᠶᠢ ᠪᠤᠳᠤᠬᠤ ᠦᠭᠡᠢ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠦᠭᠡᠷᠡᠴᠢᠯᠡᠯᠲᠡ ᠪᠠ ᠳᠦᠷᠢᠮ ᠤᠨ ᠰᠢᠨᠠᠴᠢᠯᠠᠯᠲᠠ ᠪᠠᠷ ᠳᠠᠮᠵᠢᠨ ᠠᠰᠢᠬ ᠲᠤᠰᠠ ᠶᠢᠨ ᠬᠡᠯᠬᠢᠶ᠎ᠡ ᠶᠢ ᠲᠠᠰᠤᠯᠵᠤ᠂ ᠡᠷᠬᠡ ᠶᠢᠨ ᠬᠡᠷᠡᠭᠵᠢᠭᠦᠯᠦᠯᠲᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠯᠳᠠ ᠶᠢ ᠴᠢᠩᠭᠠᠳᠬᠠᠵᠤ᠂ ᠪᠦᠲᠦᠮᠵᠢᠲᠡᠢ ᠦᠢᠯᠡᠳᠦᠯ ᠲᠠᠢ ᠪᠠᠶᠢᠭᠤᠯᠤᠮᠵᠢ ᠳᠤᠬᠲᠠᠴᠠ ᠶᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

    ᠰᠢ ᠶᠢᠨ ᠫᠢᠩ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠶᠠᠴᠢ ᠦᠭᠡᠢ ᠰᠦᠷᠳᠡᠯ ᠦᠭᠡᠢ ᠪᠠᠷ᠂ ᠵᠤᠷᠢᠬᠲᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠵᠤ᠂ ᠨᠠᠮ ᠪᠤᠯᠤᠨ ᠠᠷᠠᠳ ᠲᠦᠮᠡᠨ ᠳᠤ ᠰᠢᠯᠢᠳᠡᠭ ᠰᠠᠶᠢᠨ ᠰᠢᠯᠭᠠᠯᠲᠠ ᠶᠢᠨ ᠬᠠᠭᠤᠳᠠᠰᠤ ᠲᠤᠰᠢᠶᠠᠬᠰᠠᠨ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠯᠭ᠎ᠠ ᠡᠷᠬᠡᠪᠰᠢ ᠡᠭᠦᠷᠭᠡ ᠲᠤᠰᠢᠶᠠᠯ ᠤᠨ ᠢᠶᠠᠨ ᠪᠠᠶᠢᠷᠢ ᠲᠤᠬᠲᠠᠭᠠᠯᠲᠠ ᠶᠢ ᠪᠠᠳᠤ ᠰᠠᠬᠢᠵᠤ᠂ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠨᠢᠭᠤᠷ ᠲᠠᠯ᠎ᠠ ᠬᠠᠷᠠᠬᠤ ᠦᠭᠡᠢ ᠪᠠᠷ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠰᠠᠬᠢᠯᠭ᠎ᠠ ᠪᠠᠲᠤ ᠬᠡᠷᠡᠭᠵᠢᠭᠦᠯᠦᠭᠴᠢ ᠡᠷᠬᠡᠪᠰᠢ ᠡᠩ ᠲᠡᠷᠢᠭᠦᠨ ᠳᠤ ᠦᠪᠡᠷ ᠢᠶᠠᠨ ᠰᠠᠬᠢᠯᠭ᠎ᠠ ᠪᠠᠲᠤ ᠶᠢ ᠵᠢᠷᠤᠮᠯᠠᠵᠤ᠂ ᠪᠤᠰᠤᠳ ᠢ ᠱᠠᠭᠠᠷᠳᠠᠭᠴᠢ ᠡᠷᠬᠡᠪᠰᠢ ᠡᠩ ᠲᠡᠷᠢᠭᠦᠨ ᠳᠤ ᠦᠪᠡᠷ ᠤᠨ ᠪᠠᠶ᠎ᠠ ᠪᠠᠨ ᠱᠠᠭᠠᠷᠳᠠᠬᠤ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠡᠩ ᠦᠨᠳᠦᠷ ᠪᠠᠷᠢᠮᠵᠢᠶ᠎ᠠ᠂ ᠨᠡᠩ ᠴᠢᠩᠭ᠎ᠠ ᠰᠠᠬᠢᠯᠭ᠎ᠠ ᠪᠠᠲᠤ ᠪᠠᠷ ᠦᠪᠡᠷ ᠢ ᠪᠠᠨ ᠱᠠᠭᠠᠷᠳᠠᠵᠤ᠂ ᠲᠤᠰ ᠪᠡᠶ᠎ᠠ ᠶᠢᠨ ᠢᠶᠠᠨ ᠦᠯᠥ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠡᠢ᠃ ᠦᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠦᠨᠡᠨᠴᠢ ᠰᠢᠳᠤᠷᠭᠤ ᠡᠷᠡᠰ ᠪᠠᠲᠤ ᠪᠠᠶᠢᠵᠤ᠂ ᠬᠠᠷᠢᠭᠤᠴᠠᠯᠭ᠎ᠠ ᠪᠠᠨ ᠭᠦᠢᠴᠡᠳᠬᠡᠵᠤ᠂ ᠬᠠᠤᠯᠢ ᠰᠠᠬᠢᠯᠭ᠎ᠠ ᠶᠢ ᠵᠢᠷᠤᠮᠯᠠᠵᠤ᠂ ᠲᠦᠪ ᠭᠤᠤᠯᠴᠢ ᠠᠷᠢᠭᠤᠨ ᠴᠢᠭᠡᠴᠢ ᠪᠠᠶᠢᠵᠤ᠂ ᠨᠠᠮ ᠪᠤᠯᠤᠨ ᠠᠷᠠᠳ ᠲᠦᠮᠡᠨ ᠠᠴᠠ ᠤᠯᠭᠤᠬᠰᠠᠨ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠦᠭᠡᠢ   ᠪᠠᠷ᠂ ᠮᠠᠭᠤ ᠮᠠᠭᠤᠬᠠᠢ ᠶᠢ ᠵᠠᠯᠬᠠᠭᠠᠨ ᠰᠢᠳᠬᠡᠵᠥ ᠰᠠᠶᠢᠨ ᠰᠠᠶᠢᠬᠠᠨ ᠢ ᠮᠠᠨᠳᠤᠭᠤᠯᠬᠤ ᠬᠤᠷᠴᠠ ᠰᠠᠯᠡᠮ᠎ᠡ ᠶᠢᠨ ᠢᠷ ᠢ ᠡᠭᠦᠷᠢᠳᠡ ᠮᠢᠳᠠᠷᠠᠭᠤᠯᠬᠤ ᠦᠭᠡᠢ ᠪᠠᠷ ᠭᠡᠷᠡᠯ ᠭᠡᠭᠡ ᠳᠠᠳᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠤᠤ ᠯᠧ ᠵᠢᠢ ᠬᠤᠷᠠᠯ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠬ ᠢ ᠦᠨᠳᠦᠷ ᠮᠠᠨᠳᠤᠭᠤᠯᠵᠤ᠂ ᠰᠢᠨ᠎ᠡ ᠴᠠᠬ ᠦᠶ᠎ᠡ ᠶᠢᠨ ᠨᠠᠮ ᠪᠤᠯᠤᠨ ᠤᠯᠤᠰ ᠤᠨ ᠦᠢᠯᠡᠰ ᠤᠨ ᠬᠦᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠳᠤ ᠵᠤᠭᠰᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠳᠤᠷᠬᠠᠢᠢᠯᠠᠨ ᠦᠭᠦᠯᠡᠵᠦ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠰᠠᠨ ᠴᠢᠬᠤᠯᠠ ᠲᠤᠷᠰᠢᠯᠭ᠎ᠠ ᠶᠢ ᠤᠯᠠᠮ ᠨᠢᠭᠡ ᠠᠯᠬᠤᠮ ᠳ᠋ᠦᠩᠨᠡᠵᠦ᠂ ᠨᠠᠮ ᠳᠤ ᠲᠤᠯᠭᠠᠷᠠᠵᠤ ᠪᠠᠶᠢᠭ᠎ᠠ ᠲᠦᠭᠰᠢᠭᠦᠷᠢ ᠪᠠ ᠦᠷᠢᠰᠦᠯᠳᠦᠭᠡᠨ ᠢ ᠭᠦᠨᠵᠡᠭᠡᠢ ᠵᠠᠳᠠᠯᠵᠤ᠂ ᠤᠳᠤᠬᠠᠨ ᠤ ᠪᠠ ᠬᠤᠶᠢᠰᠢᠲᠠ ᠶᠢᠨ ᠨᠢᠭᠡ ᠬᠡᠰᠡᠭ ᠬᠤᠭᠤᠴᠠᠭᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠭᠤᠤᠯ ᠡᠭᠦᠷᠭᠡ ᠶᠢ ᠲᠤᠳᠤᠷᠬᠠᠢᠢᠯᠠᠵᠤ᠂ ᠢᠮᠠᠬᠳᠠ ᠲᠤᠤᠱᠯᠠᠭᠤᠯᠵᠤ᠂ ᠭᠤᠶᠢᠪᠢᠰᠢ ᠦᠭᠡᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠲᠤᠬᠲᠠᠯ ᠬᠦᠴᠦᠨ ᠢᠶᠠᠨ ᠪᠠᠳᠤᠯᠠᠵᠥ᠂ ᠭᠠᠵᠢᠭᠤ ᠪᠤᠷᠤᠭᠤ ᠦᠵᠡᠯ ᠰᠠᠨᠠᠭᠠᠨ ᠤ ᠬᠠᠷᠰᠢ ᠰᠠᠭᠠᠳ ᠢ ᠠᠷᠢᠯᠭᠠᠵᠤ᠂ ᠲᠦᠷᠦᠬᠡ ᠴᠢᠩᠭᠠᠯᠠᠨ ᠦᠷᠭᠦᠯᠵᠢᠯᠡᠨ ᠤᠷᠤᠭᠰᠢᠯᠠᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃

    ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠭᠦᠨᠵᠡᠭᠡᠢ ᠰᠤᠷᠤᠯᠴᠠᠨ ᠤᠢᠢᠯᠠᠭᠠᠵᠤ᠂ ᠵᠤᠷᠢᠬ ᠰᠠᠨᠠᠭᠠᠨ ᠤ ᠮᠦᠨ ᠴᠢᠨᠠᠷ ᠢ ᠠᠳᠬᠤᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠤ᠂ ᠬᠠᠷᠢᠭᠤᠴᠠᠯᠭ᠎ᠠ ᠡᠬᠦᠷᠬᠡᠯᠡᠬᠦ ᠪᠠᠨ ᠴᠢᠩᠭᠠᠳᠬᠠᠵᠤ᠂ ᠪᠤᠲᠠᠲᠠᠢ ᠠᠵᠢᠯ ᠪᠠ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠤᠯᠤᠰ ᠲᠦᠷᠦ ᠶᠢᠨ ᠵᠤᠬᠰᠤᠯᠳᠠ ᠪᠠ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠢᠰᠲ᠋ᠧᠮᠲᠤ ᠴᠢᠨᠠᠷ᠂ ᠪᠦᠲᠦᠭᠡᠯᠴᠢ ᠴᠢᠨᠠᠷ᠂ ᠦᠷ᠎ᠠ ᠪᠦᠲᠦᠮᠵᠢᠳᠦ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠳ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠨᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠡᠰᠢᠬᠦᠨ ᠪᠤᠯᠬᠤ ᠨᠠᠮ ᠪᠤᠯᠤᠨ ᠲᠦᠷᠦ ᠶᠢᠨ ᠪᠤᠰᠤᠳ ᠤᠳᠤᠷᠢᠳᠬᠤ ᠨᠦᠬᠦᠳ᠂ ᠲᠦᠪ ᠤᠨ ᠴᠡᠷᠢᠭ᠌ ᠤᠨ ᠶᠠᠪᠤᠳᠠᠯ ᠤᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠪᠠ᠃ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠲᠦᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ᠂ ᠴᠡᠷᠢᠭ᠌ ᠠᠩᠬᠢ ᠶᠢᠨ ᠡᠯ᠎ᠡ ᠶᠡᠭᠡ ᠨᠢᠬᠡᠴᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ ᠬᠤᠷᠠᠯ ᠨᠢ ᠲᠧᠯᠧᠶ᠋ᠰ ᠤᠲᠠᠰᠤ ᠬᠤᠷᠠᠯ ᠤᠨ ᠬᠡᠯᠪᠡᠷᠢ ᠪᠠᠷ ᠶᠠᠪᠤᠬᠳᠠᠵᠤ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ᠌ ᠠᠩᠬᠢ ᠶᠢᠨ ᠬᠤᠯᠪᠤᠬᠳᠠᠯ ᠪᠦᠬᠦᠢ ᠨᠢᠬᠡᠴᠡ ᠳᠤ ᠬᠤᠪᠢᠶᠠᠷᠢ ᠬᠤᠷᠠᠯ ᠤᠨ ᠲᠠᠯᠠᠪᠤᠷ ᠳᠤᠬᠢᠷᠠᠭᠤᠯᠪᠠ᠃

    ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 1 ᠰᠠᠷ᠎ᠠ ᠶᠢᠨ 11 ᠤ ᠡᠳᠦᠷ ᠪᠡᠭᠡᠵᠢᠩ ᠳᠤ ᠡᠬᠢᠯᠡᠪᠡ᠃ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠡᠷᠬᠢᠯᠡᠪᠡ᠃ 11 ᠤ ᠦᠳᠡ ᠶᠢᠨ ᠬᠤᠶᠢᠨ᠎ᠠ ᠵᠤᠤ ᠯᠧ ᠵᠢᠢ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ 《ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠤᠶ᠎ᠠ》ᠬᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
010070230030000000000000011120701122250009