蒙古文网站Logo
ᠰᠢᠨᠬᠤᠸᠠ ᠮᠤᠩᠭ᠋ᠤᠯ ᠨᠧᠲ

ᠢᠷᠡᠬᠦ ᠭᠤᠷᠪᠠᠨ ᠬᠤᠨᠤᠭ ᠲᠤ ᠦᠪᠦᠷ ᠮᠤᠩᠭ᠋᠋ᠤᠯ ᠳᠤ ᠶᠡᠬᠡ ᠰᠠᠯᠬᠢ ᠰᠠᠯᠬᠢᠯᠠᠵᠤ᠂ ᠠᠭᠠᠷ ᠤᠨ ᠲᠤᠯᠠᠭᠠᠨ ᠲᠤᠷᠤᠭᠰᠢᠯᠠᠨ᠎ᠠ

2016-03-20 17:56

    ᠰᠤᠷᠪᠤᠯᠵᠢᠯᠠᠭᠴᠢ ᠦᠪᠦᠷ ᠮᠤᠩᠭ᠋᠋ᠤᠯ ᠤᠨ ᠴᠠᠬ ᠠᠭᠤᠷ ᠤᠨ ᠲᠤᠪᠴᠢᠶᠠᠨ ᠡᠴᠡ ᠤᠶᠢᠯᠠᠭᠠᠭᠰᠠᠨ ᠢᠶᠡᠷ᠂ ᠦᠪᠦᠷ ᠮᠤᠩᠭ᠋᠋ᠤᠯ ᠳᠤ ᠠᠭᠠᠷ ᠤᠨ ᠲᠤᠯᠠᠭᠠᠨ ᠲᠤᠷᠤᠭᠰᠢᠯᠠᠨ᠂ ᠶᠡᠬᠡ ᠰᠠᠯᠬᠢ ᠰᠠᠯᠬᠢᠯᠠᠵᠤ᠂ ᠰᠢᠷᠤᠢ ᠶᠢᠨ ᠰᠢᠭᠤᠷᠭ᠎ᠠ᠂ ᠬᠤᠷ᠎ᠠ ᠪᠤᠷᠤᠭᠠᠨ ᠤ ᠴᠠᠭ ᠠᠭᠠᠷ ᠢᠯᠡᠷᠡᠬᠦ ᠪᠤᠯᠤᠨ᠎ᠠ᠃ ᠪᠠᠷᠠᠭᠤᠨ ᠪᠦᠰᠡ ᠨᠤᠳᠤᠭ ᠲᠤ 6 ᠲᠡᠰ ᠤᠨ ᠰᠠᠯᠬᠢ ᠰᠠᠯᠬᠢᠯᠠᠵᠤ᠂ ᠶᠡᠬᠡᠩᠬᠢ ᠪᠦᠰᠡ ᠨᠤᠳᠤᠭ ᠢᠶᠡᠷ ᠠᠭᠠᠷ ᠤᠨ ᠲᠤᠯᠠᠭᠠᠨ 6 -8 ᠭᠷᠠᠳᠦ᠋ᠰ ᠲᠤᠷᠤᠭᠰᠢᠯᠠᠨ᠎ᠠ᠃

    ᠦᠪᠦᠷ ᠮᠤᠩᠭ᠋᠋ᠤᠯ ᠤᠨ ᠴᠠᠭ ᠠᠭᠤᠷ ᠤᠨ ᠲᠤᠪᠴᠢᠶᠠᠨ  ᠤ ᠤᠷᠢᠳᠴᠢᠯᠠᠨ ᠲᠤᠭᠠᠴᠠᠭᠠᠯᠠᠭᠰᠠᠨ ᠢᠶᠡᠷ᠂ ᠬᠦᠢᠲᠡᠨ ᠤᠷᠤᠰᠬᠠᠯ ᠤᠨ ᠨᠦᠯᠦᠬᠡ  ᠪᠡᠷ᠂ 3 ᠰᠠᠷ᠎ᠠ ᠶᠢᠨ 20-22 ᠤᠨ ᠡᠳᠤᠷ ᠪᠤᠯᠳᠠᠯ᠎ᠠ ᠦᠪᠦᠷ ᠮᠤᠩᠭ᠋᠋ᠤᠯ ᠤᠨ ᠪᠠᠷᠠᠭᠤᠨ ᠪᠦᠰᠡ ᠨᠤᠳᠤᠭ ᠢᠶᠡᠷ ᠶᠡᠬᠡ ᠰᠠᠯᠬᠢ ᠰᠠᠯᠬᠢᠯᠠᠵᠤ᠂ ᠰᠢᠷᠤᠢ ᠶᠢᠨ ᠰᠢᠭᠤᠷᠭ᠎ᠠ ᠪᠤᠰᠤᠨ᠎ᠠ᠂ ᠲᠤᠮᠳᠠ ᠪᠠᠷᠠᠭᠤᠨ ᠪᠦᠰᠡ ᠨᠤᠳᠤᠭ ᠢᠶᠡᠷ ᠪᠤᠷᠤᠭᠠᠨ ᠤᠷᠤᠵᠤ᠂ ᠪᠦᠬᠦ ᠤᠷᠤᠨ ᠤ ᠬᠡᠪᠴᠢᠶᠡᠨ ᠳᠤ ᠠᠭᠠᠷ ᠤᠨ ᠲᠤᠯᠠᠭᠠᠨ ᠲᠤᠷᠤᠭᠰᠢᠯᠠᠨ᠎ᠠ᠃ ᠡᠬᠦᠨ ᠳᠤ ᠠᠯᠠᠱᠠ ᠠᠶᠢᠮᠠᠭ᠂ ᠪᠠᠶᠠᠨᠨᠠᠭᠤᠷ ᠬᠤᠳᠠ᠂ ᠦᠬᠠᠢ ᠬᠤᠳᠠ᠂ ᠤᠷᠳᠤᠰ ᠬᠤᠳᠠ ᠶᠢᠨ ᠪᠠᠷᠠᠭᠤᠨ ᠪᠠ ᠬᠤᠶᠢᠳᠤ ᠬᠡᠰᠡᠭ ᠢᠶᠡᠷ ᠶᠡᠬᠡ ᠰᠠᠯᠬᠢ ᠰᠠᠯᠬᠢᠯᠠᠵᠤ᠂ ᠰᠢᠷᠤᠢ ᠶᠢᠨ ᠰᠢᠭᠤᠷᠭ᠎ᠠ ᠪᠤᠰᠤᠨ᠎ᠠ᠃ ᠲᠤᠮᠳᠠ ᠪᠠᠷᠠᠭᠤᠨ ᠪᠦᠰᠠ ᠨᠤᠳᠤᠭ ᠢᠶᠡᠷ ᠪᠤᠷᠤᠭᠠᠨ ᠤᠷᠤᠬᠤ ᠪᠤᠶᠤ ᠪᠤᠷᠤᠭᠠᠨ ᠴᠠᠰᠤ ᠬᠤᠯᠢᠯᠳᠤᠨ ᠤᠷᠤᠨ᠎ᠠ᠃ ᠰᠠᠯᠬᠢ ᠬᠤᠷ᠎ᠠ ᠶᠢᠨ ᠲᠠᠷᠠᠭ᠎ᠠ ᠪᠦᠬᠦ ᠤᠷᠤᠨ ᠤ ᠠᠭᠠᠷ ᠤᠨ ᠲᠤᠯᠠᠭᠠᠨ 4 - 6 ᠭᠷᠠᠳᠦ᠋ᠰ ᠲᠤᠷᠤᠭᠰᠢᠯᠠᠨ᠎ᠠ᠃ ᠡᠬᠦᠨ ᠳᠤ ᠬᠦᠬᠡᠬᠤᠳᠠ᠂ ᠪᠤᠭᠤᠳᠤ ᠶᠢᠨ ᠡᠮᠦᠨ᠎ᠡ ᠬᠡᠰᠡᠭ᠂ ᠠᠯᠠᠱᠠ ᠠᠶᠢᠮᠠᠭ ᠤᠨ ᠵᠡᠬᠦᠨ ᠡᠮᠦᠨ᠎ᠡ ᠬᠡᠰᠡᠭ᠂ ᠪᠠᠶᠠᠨᠨᠠᠭᠤᠷ ᠬᠤᠳᠠ ᠶᠢᠨ ᠡᠮᠦᠨ᠎ᠡ ᠬᠡᠰᠡᠭ ᠢᠶᠡᠷ ᠠᠭᠠᠷ ᠤᠨ ᠲᠤᠯᠠᠭᠠᠨ 6-8 ᠭᠷᠠᠳᠦ᠋ᠰ ᠲᠤᠷᠤᠭᠰᠢᠯᠠᠨ᠎ᠠ᠃ ᠴᠠᠭ ᠠᠭᠤᠷ ᠤᠨ ᠲᠤᠪᠴᠢᠶ᠎ᠠ ᠡᠴᠡ᠂ ᠢᠷᠡᠬᠦ ᠭᠤᠷᠪᠠᠨ ᠬᠤᠨᠤᠭ ᠲᠤ ᠰᠠᠯᠬᠢᠨ ᠤ ᠬᠦᠴᠦ ᠴᠢᠩᠭ᠎ᠠ ᠤᠴᠢᠷ ᠡᠴᠡ ᠡᠯ᠎ᠡ ᠭᠠᠵᠠᠷ ᠤᠨ ᠬᠢᠨ ᠭᠡᠭᠡᠷ᠎ᠡ ᠭᠠᠳᠠᠨ᠎ᠠ ᠭᠠᠯ ᠬᠡᠷᠡᠭᠯᠡᠬᠦ ᠬᠠᠮᠢᠶᠠᠷᠤᠯᠳᠠ ᠪᠠᠨ ᠴᠢᠩᠬ᠋ᠠᠳᠬᠠᠵᠤ᠂ ᠲᠦᠢᠮᠡᠷ ᠤᠨ ᠠᠶᠤᠯ ᠡᠴᠡ ᠰᠡᠷᠬᠡᠶᠢᠯᠡᠬᠦ ᠭᠡᠷᠡᠭᠲᠡᠢ ᠭᠡᠵᠤ ᠰᠠᠨᠠᠭᠤᠯᠵᠤ ᠪᠠᠶᠢᠨ᠎ᠠ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118385502