蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠨ ᠵᠠᠯᠠᠭᠤᠴᠤᠳ ᠤᠨ ᠰᠢᠨ᠎ᠡ ᠶᠢ ᠡᠭᠦᠳᠴᠤ ᠦᠢᠯᠡᠰ ᠪᠦᠳᠦᠬᠡᠬᠦ ᠤᠷᠤᠯᠳᠤᠭᠠᠨ ᠨᠡᠷ᠎ᠡ ᠪᠦᠷᠢᠳᠭᠡᠵᠤ ᠡᠬᠢᠯᠡᠪᠡ

2016-04-06 10:21

    ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠨᠧᠲ ᠤᠨ ᠮᠡᠳᠡᠭᠡ ᠵᠠᠩᠭᠢ ᠶᠢᠨ ᠠᠯᠪᠠᠨ ᠭᠡᠷ᠂ ᠠᠵᠤ ᠠᠬᠤᠶ ᠶᠢᠨ ᠮᠡᠳᠡᠭᠡ ᠵᠠᠩᠭᠢ ᠶᠢᠨ ᠵᠦᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠤᠷᠤᠭᠴᠢᠳ ᠤᠨ ᠬᠤᠯᠪᠤᠭ᠎ᠠ ᠵᠡᠷᠭᠡ ᠨᠢᠭᠡᠴᠡ ᠬᠠᠮᠲᠤᠷᠠᠨ ᠭᠤᠷᠪᠠᠳᠤᠭᠠᠷ ᠬᠤᠭᠤᠴᠠᠭᠠᠨ ᠤ 《ᠵᠠᠯᠠᠭᠤ ᠨᠠᠰᠤᠨ ᠤ ᠡᠭᠦᠳᠦᠯᠲᠡ》 ᠳᠤᠮᠳᠠᠳᠤ ᠤᠯᠤᠰ ᠤᠨ ᠵᠠᠯᠠᠭᠤᠴᠤᠳ ᠤᠨ ᠰᠢᠨ᠎ᠡ ᠶᠢ ᠡᠭᠦᠳᠴᠤ ᠦᠢᠯᠡᠰ ᠪᠦᠳᠦᠬᠡᠬᠦ ᠤᠷᠤᠯᠳᠤᠭᠠᠨ - ᠥᠪᠥᠷ ᠮᠣᠩᠭ᠋ᠤᠯ ᠤᠨ ᠵᠠᠯᠠᠭᠤᠴᠤᠳ ᠤᠨ ᠰᠢᠨ᠎ᠡ ᠶᠢ ᠡᠭᠦᠳᠴᠤ ᠦᠢᠯᠡᠰ ᠪᠦᠳᠦᠬᠡᠬᠦ ᠤᠷᠤᠯᠳᠤᠭᠠᠨ ᠢ ᠡᠷᠬᠢᠯᠡᠬᠦ ᠪᠡᠷ ᠪᠤᠯᠤᠯ᠎ᠠ᠃

    ᠨᠡᠷ᠎ᠡ ᠪᠦᠷᠢᠳᠬᠡᠬᠦᠯᠬᠦ ᠴᠠᠭ᠄  4 ᠰᠠᠷ᠎ᠠ ᠶᠢᠨ 1 ᠤ ᠡᠳᠦᠷ - 7 ᠳ᠋ᠤᠭᠠᠷ ᠰᠠᠷ᠎ᠠ ᠶᠢᠨ 31 ᠤ ᠡᠳᠦᠷ

    ᠲᠤᠰ ᠤᠳᠠᠭᠠᠨ ᠤ ᠤᠷᠤᠯᠳᠤᠭᠠᠨ ᠨᠢ 《ᠰᠢᠨ᠎ᠡ ᠶᠢ ᠡᠭᠦᠳᠬᠦ ᠪᠠᠷ ᠢᠷᠡᠭᠡᠳᠦᠶ ᠲᠠᠰᠢ ᠬᠦᠲᠦᠯᠵᠤ • ᠦᠢᠯᠡᠰ ᠪᠦᠳᠦᠬᠡᠬᠦ ᠪᠠᠷ ᠠᠮᠢᠳᠤᠷᠠᠯ ᠢᠶᠠᠨ ᠬᠤᠪᠢᠷᠠᠭᠤᠯᠵᠤ᠂ ᠮᠡᠷᠡᠶᠢᠯᠳᠡ ᠪᠡᠷ ᠬᠦᠰᠡᠯ ᠢᠶᠠᠨ ᠲᠡᠷᠭᠡᠯᠰᠢᠬᠦᠯᠬᠦ》 ᠪᠠᠷ ᠭᠤᠣᠯ ᠰᠡᠳᠦᠪ ᠢᠶᠠᠨ ᠪᠤᠯᠭᠠᠪᠠ᠃ ᠵᠠᠯᠠᠭᠤᠴᠤᠳ ᠤᠨ ᠰᠢᠨ᠎ᠡ ᠶᠢ ᠡᠭᠦᠳᠬᠦ ᠪᠠ ᠦᠢᠯᠡᠰ ᠪᠦᠲᠦᠬᠡᠬᠦ ᠳᠡᠯᠭᠡᠨ ᠦᠵᠡᠬᠦᠯᠦᠯᠬᠡ᠂ ᠰᠣᠯᠢᠯᠴᠠᠭ᠎ᠠ ᠬᠢᠬᠦ᠂ ᠡᠬᠢ ᠪᠠᠶᠠᠯᠢᠭ ᠢ ᠵᠤᠯᠭᠠᠭᠤᠯᠵᠤ᠂ ᠲᠥᠷᠥᠯ ᠵᠦᠢᠯ ᠢᠶᠡᠨ ᠠᠭᠤᠰᠤᠯᠴᠠᠭᠤᠯᠬᠤ ᠵᠡᠷᠭᠡ ᠲᠠᠪᠴᠠᠩ ᠢ ᠪᠠᠶᠢᠭᠤᠯᠬᠤ ᠪᠠᠷ ᠵᠤᠷᠢᠯᠭ᠎ᠠ ᠪᠠᠨ ᠪᠤᠯᠭᠠᠭᠰᠠᠨ ᠪᠠᠶᠢᠨ᠎ᠠ᠃

    ᠤᠷᠤᠯᠳᠤᠭᠠᠨ ᠤ ᠲᠦᠷᠢᠮ ᠢ ᠪᠣᠳᠠᠲᠠᠶ ᠪᠠᠷ᠄ ᠠᠵᠤ ᠦᠢᠯᠡᠳᠪᠦᠷᠢ ᠬᠤᠳᠠᠯᠳᠤᠭᠠᠨ ᠤ ᠳᠤᠭᠤᠶᠢᠯᠠᠩ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠴᠠᠬᠢᠮ ᠠᠷᠠᠯᠵᠢᠶᠠᠨ ᠤ ᠳᠤᠭᠤᠶᠢᠯᠠᠩ᠂ ᠨᠧᠲ ᠪᠣᠯᠤᠨ APP ᠳᠤᠭᠤᠶᠢᠯᠠᠩ ᠬᠡᠵᠤ ᠬᠤᠪᠢᠶᠠᠪᠠ᠃

    ᠠᠵᠤ ᠦᠢᠯᠡᠳᠪᠦᠷᠢ ᠬᠤᠳᠠᠯᠳᠤᠭᠠᠨ ᠤ ᠳᠤᠭᠤᠶᠢᠯᠠᠩ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠠᠮᠢᠳᠤ ᠪᠣᠳᠠᠰ᠂ ᠳᠡᠭᠡᠳᠦ ᠲᠡᠰ ᠤᠨ ᠦᠢᠯᠡᠳᠬᠦᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠠᠮᠢᠶ᠎ᠠ ᠪᠦᠬᠦᠢ ᠠᠵᠤ ᠦᠢᠯᠡᠰ ᠢ ᠭᠤᠣᠯᠳᠠᠯᠭ᠎ᠠ ᠲᠠᠢ ᠠᠩᠬᠠᠷᠪᠠ᠃

    ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠴᠠᠬᠢᠮ ᠠᠷᠠᠯᠵᠢᠶᠠᠨ ᠤ ᠳᠤᠭᠤᠶᠢᠯᠠᠩ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠪᠦᠲᠦᠭᠡᠭ᠍ᠳᠡᠬᠦᠨ ᠢ ᠪᠣᠯᠪᠠᠰᠤᠷᠠᠭᠤᠯᠬᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠷᠠᠯᠵᠢᠶᠠᠨ ᠤ ᠶᠠᠪᠤᠳᠠᠯ ᠵᠡᠷᠭᠡ ᠬᠠᠮᠢᠶ᠎ᠠ ᠪᠦᠬᠦᠢ ᠠᠵᠤ ᠦᠢᠯᠡᠰ ᠢ ᠭᠤᠣᠯᠳᠠᠯᠭ᠎ᠠ ᠲᠠᠢ ᠠᠩᠬᠠᠷᠪᠠ᠃

    ᠢᠨᠲ᠋ᠧᠷᠨᠧᠲ ᠪᠣᠯᠤᠨ APP  ᠳᠤᠭᠤᠶᠢᠯᠠᠩ ᠢᠨᠲ᠋ᠧᠷᠨᠧᠲ ᠤᠨ ᠰᠠᠭᠤᠷᠢ ᠦᠢᠯᠡᠴᠢᠯᠡᠭᠡ᠂ ᠬᠡᠷᠡᠭᠯᠡᠭᠡᠨ ᠤ ᠦᠢᠯᠡᠴᠢᠯᠡᠭᠡ ᠪᠣᠯᠤᠨ ᠨᠧᠲ ᠤᠨ ᠠᠷᠭ᠎ᠠ ᠪᠠᠷᠢᠯ ᠢᠶᠠᠷ ᠤᠯᠠᠮᠵᠢᠯᠠᠯᠲᠤ ᠠᠵᠢᠯ ᠲᠦᠷᠦᠯ ᠢ ᠦᠬᠡᠷᠡᠴᠢᠯᠡᠨ ᠬᠦᠭ᠍ᠵᠢᠬᠦᠯᠬᠦ ᠵᠡᠷᠭᠡ ᠬᠠᠮᠢᠶ᠎ᠠ ᠪᠦᠬᠦᠢ ᠠᠵᠤ ᠦᠢᠯᠡᠰ ᠵᠢᠴᠢ ᠰᠢᠯᠵᠢᠮᠡᠯ ᠢᠨᠲ᠋ᠧᠷᠨᠧᠲ ᠤᠨ ᠮᠡᠷᠭᠡᠵᠢᠯ ᠵᠢᠴᠢ ᠬᠡᠷᠡᠭᠯᠡᠭᠡᠨ ᠤ ᠨᠡᠭᠡᠭᠡᠨ ᠬᠥᠭ᠍ᠵᠢᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠪᠠ᠃

    ᠤᠷᠤᠯᠳᠤᠭᠠᠨ ᠳᠤ ᠡᠷᠬᠡᠪᠰᠢ 《ᠵᠠᠯᠠᠭᠤ ᠨᠠᠰᠤᠨ ᠤ ᠡᠭᠦᠳᠦᠯᠲᠡ》 ᠳᠤᠮᠳᠠᠳᠤ ᠤᠯᠤᠰ ᠤᠨ ᠵᠠᠯᠠᠭᠤᠴᠤᠳ ᠤᠨ ᠰᠢᠨ᠎ᠡ ᠶᠢ ᠡᠭᠦᠳᠴᠤ ᠦᠢᠯᠡᠰ ᠪᠦᠲᠦᠬᠡᠬᠦ ᠤᠷᠤᠯᠳᠤᠭᠠᠨ ᠤ ᠠᠯᠪᠠᠨ ᠨᠧᠲ http᠄//cxcyds.zgqncyxd.cn/  ᠲᠤ ᠨᠡᠷ᠎ᠡ ᠪᠦᠷᠢᠳᠬᠡᠬᠦᠯᠬᠦ ᠬᠡᠷᠡᠭᠲᠡᠢ ᠂ ᠪᠤᠰᠤᠳ ᠬᠡᠯᠪᠡᠷᠢ ᠪᠡᠷ ᠨᠡᠷ᠎ᠡ ᠪᠦᠷᠢᠳᠬᠡᠬᠦᠯᠬᠦ ᠶᠢ ᠬᠦᠯᠢᠶᠡᠨ ᠠᠪᠬᠤ ᠦᠭᠡᠢ᠃

    ᠠᠶᠢᠮᠠᠭ ᠬᠤᠳᠠ ᠶᠢᠨ ᠤᠷᠤᠯᠳᠤᠭᠠᠨ ᠢ 8 ᠰᠠᠷ᠎ᠠ ᠶᠢᠨ 10 ᠤ ᠡᠳᠦᠷ ᠂ ᠪᠦᠬᠦ ᠣᠷᠣᠨ ᠤ ᠤᠷᠤᠯᠳᠤᠭᠠᠨ ᠢ 8 ᠰᠠᠷ᠎ᠠ ᠶᠢᠨ ᠳᠤᠮᠳᠠᠴᠢ ᠪᠡᠷ᠂ ᠪᠦᠬᠦ ᠤᠯᠤᠰ ᠤᠨ ᠤᠷᠤᠯᠳᠤᠭᠠᠨ ᠢ 9 ᠰᠠᠷ᠎ᠠ ᠳᠤ ᠶᠠᠪᠤᠭᠳᠠᠭᠤᠯᠬᠤ ᠪᠠᠷ ᠲᠦᠷ ᠲᠤᠭᠲᠠᠪᠠ᠃  

ᠢᠷᠡᠯᠳᠡ᠄ ᠥᠪᠥᠷ ᠮᠣᠩᠭ᠋ᠤᠯ ᠤᠨ ᠵᠠᠰᠠᠭ ᠤᠨ ᠣᠷᠳᠣᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118541760