蒙古文网站Logo
ᠰᠢᠨᠬᠤᠸᠠ ᠮᠤᠩᠭ᠋ᠤᠯ ᠨᠧᠲ

《ᠰᠢᠨᠬᠤᠸᠠ ᠦᠰᠦᠭ ᠤᠨ ᠲᠤᠯᠢ》ᠭᠢᠨᠢᠰ ᠤᠨ ᠲᠡᠮᠳᠡᠭᠯᠡᠯ ᠳᠤ ᠪᠢᠴᠢᠭᠳᠡᠯ᠎ᠡ

2016-04-15 12:10

    4 ᠰᠠᠷ᠎ᠠ ᠶᠢᠨ 12 ᠤᠨ ᠡᠳᠤᠷ᠂ ᠠᠩᠭ᠍ᠯᠢ ᠶᠢᠨ ᠯᠤᠨᠳᠤᠨ ᠳᠤ ᠭᠢᠨᠢᠰ ᠤᠨ ᠲᠡᠯᠡᠬᠡᠢ ᠶᠢᠨ ᠲᠡᠮᠳᠡᠭᠯᠡᠯ ᠤᠨ ᠪᠠᠶᠢᠭᠤᠯᠤᠮᠵᠢ ᠶᠢᠨ ᠲᠡᠭᠡᠳᠤ ᠲᠡᠰ ᠤᠨ ᠲᠡᠳ᠋ ᠵᠠᠬᠢᠷᠤᠯ ᠮᠠᠷᠺᠤ• ᠹᠧᠷᠢᠭᠠᠳᠢ ᠲᠤᠮᠳᠠᠳᠤ ᠤᠯᠤᠰ ᠤᠨ ᠬᠡᠪᠯᠡᠯ ᠤᠨ ᠪᠦᠯᠦᠭᠯᠡᠯ ᠺᠤᠮᠫᠠᠨᠢ ᠶᠢᠨ ᠵᠠᠬᠢᠷᠤᠯ ᠲᠠᠨ ᠶᠦᠧᠧ᠂ ᠱᠠᠩ ᠡᠦ ᠨᠤᠮ ᠬᠡᠪᠯᠡᠯ ᠤᠨ ᠬᠤᠷᠢᠶ᠎ᠠ ᠶᠢᠨ ᠶᠡᠷᠦᠩᠬᠡᠢ ᠲᠠᠭᠠᠭᠠᠮᠠᠯ ᠢᠦᠢ ᠳ᠋ᠢᠶᠠᠨ ᠯᠢ ᠳᠤ ᠭᠢᠨᠢᠰ ᠤᠨ ᠲᠡᠮᠳᠡᠭᠯᠡᠯ ᠤᠨ ᠬᠤᠶᠠᠷ ᠦᠨᠡᠮᠯᠡᠯ ᠢ ᠭᠠᠷᠳᠠᠭᠤᠯᠤᠭᠰᠠᠨ ᠪᠠᠶᠢᠨ᠎ᠠ᠃ ᠡᠬᠦᠨ ᠳᠤ᠂ 《ᠰᠢᠨᠬᠤᠸᠠ ᠦᠰᠦᠭ ᠤᠨ ᠲᠤᠯᠢ》 ᠬᠠᠮᠤᠭ ᠤᠨ ᠲᠠᠭᠠᠯᠠᠭᠳᠠᠭᠰᠠᠨ ᠨᠤᠮ᠂ ᠬᠠᠮᠤᠭ ᠤᠨ ᠰᠠᠶᠢᠨ ᠪᠤᠷᠤᠯᠠᠭᠤᠯᠤᠯᠳᠠ ᠲᠠᠢ ᠨᠤᠮ ᠢᠶᠡᠷ ᠭᠢᠨᠢᠰ ᠤᠨ ᠲᠡᠮᠳᠡᠭᠯᠡᠯ ᠳᠤ ᠪᠢᠴᠢᠭᠳᠡᠯ᠎ᠠ ᠭᠡᠵᠤ ᠨᠡᠶᠢᠲᠡᠯᠡᠭᠰᠡᠨ ᠪᠠᠶᠢᠨ᠎ᠠ᠃

    ᠲᠤᠮᠳᠠᠳᠤ ᠤᠯᠤᠰ ᠤᠨ ᠬᠡᠪᠯᠡᠯ ᠤᠨ ᠪᠦᠯᠦᠭᠯᠡᠯ ᠺᠤᠮᠫᠠᠨᠢ ᠶᠢᠨ ᠬᠠᠷᠢᠶ᠎ᠠ ᠱᠠᠩ ᠡᠦ ᠨᠤᠮ ᠬᠡᠪᠯᠡᠯ ᠤᠨ ᠬᠤᠷᠢᠶ᠎ᠠ ᠡᠴᠡ ᠬᠡᠪᠯᠡᠭᠰᠡᠨ 《 ᠰᠢᠨᠬᠤᠸᠠ ᠦᠰᠦᠭ ᠤᠨ ᠲᠤᠯᠢ》 ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠡᠴᠡ ᠨᠠᠭᠠᠰᠢᠬᠢ ᠠᠩᠬᠠᠳᠠᠭᠴᠢ ᠤᠳᠤ ᠦᠶ᠎ᠡ ᠶᠢᠨ ᠬᠢᠳᠠᠳ ᠬᠡᠯᠡᠨ ᠤ ᠲᠤᠯᠢ ᠪᠢᠴᠢᠭ᠌᠌᠃ ᠤᠳᠤᠬᠠᠨ ᠳᠤ ᠨᠢᠬᠡᠨᠲᠡ ᠲᠤᠮᠳᠠᠳᠤ ᠤᠯᠤᠰ ᠴᠢᠨᠠᠭᠰᠢᠯᠠᠪᠠᠯ ᠲᠡᠯᠡᠬᠡᠢ ᠶᠢᠨ ᠤᠯᠠᠨ ᠤᠯᠤᠰ ᠪᠠ ᠭᠠᠵᠠᠷ ᠤᠷᠤᠨ ᠤ ᠬᠢᠳᠠᠳ ᠬᠡᠯᠡ ᠰᠤᠷᠬᠤ ᠱᠠᠭᠠᠷᠳᠠᠯᠭ᠎ᠠ ᠲᠠᠢ ᠬᠦᠮᠦᠰ ᠤᠨ ᠵᠠᠪᠠᠯ ᠬᠡᠷᠡᠭᠰᠡᠬᠦ ᠭᠠᠷ ᠠᠪᠤᠯᠭ᠎ᠠ ᠪᠤᠯᠵᠠᠢ᠃ 2015 ᠤᠨ  ᠤ 7 ᠰᠠᠷ᠎ᠠ  ᠶᠢᠨ 28  ᠤ ᠡᠳᠤᠷ ᠪᠤᠯᠳᠠᠯᠠᠬᠢ ᠪᠦᠷᠢᠳᠭᠡᠯ ᠢ ᠦᠨᠳᠦᠰᠦᠯᠡᠪᠡᠯ᠂ 《 ᠰᠢᠨᠬᠤᠸᠠ ᠦᠰᠦᠭ ᠤᠨ ᠲᠤᠯᠢ᠌》 ᠲᠡᠯᠡᠬᠡᠢ ᠳᠤ ᠬᠡᠪᠯᠡᠨ ᠲᠠᠷᠬᠠᠭᠠᠭᠰᠠᠨ ᠬᠡᠮᠵᠢᠶ᠎ᠡ ᠨᠡᠶᠢᠲᠡ 5.6 ᠳ᠋ᠦᠩᠰᠢᠭᠤᠷ ᠲᠡᠪᠳᠡᠷ ᠲᠤ ᠬᠦᠷᠴᠡᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118633070