蒙古文网站Logo
ᠰᠢᠨᠬᠤᠸᠠ ᠮᠤᠩᠭ᠋ᠤᠯ ᠨᠧᠲ

ᠵᠢᠭᠤᠯᠴᠢᠯᠠᠯ ᠤᠨ ᠠᠵᠤ ᠠᠬᠤᠶᠢᠯᠠᠯ ᠬᠤᠭᠤᠯᠠᠨ ᠤ ᠭᠠᠵᠠᠷ ᠦᠨ᠎ᠡ ᠪᠡᠨ ᠢᠯᠡ ᠪᠤᠯᠭᠠᠵᠤ ᠳᠤᠷᠠᠪᠠᠷ ᠳᠦᠯᠦᠪᠦᠷᠢ ᠬᠤᠷᠢᠶᠠᠵᠤ ᠪᠤᠯᠬᠤ ᠦᠬᠡᠢ

2016-05-09 17:53

    ᠤᠶᠢᠷ᠎ᠠ ᠶᠢᠨ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨ᠎ᠡ ᠬᠠᠩᠰᠢ ᠶᠢᠨ ᠬᠢᠨᠠᠨ ᠬᠠᠮᠢᠶᠠᠷᠤᠯᠳᠠ ᠶᠢᠨ ᠳᠤᠪᠴᠢᠶ᠎ᠠ ᠦᠬᠠᠢ ᠬᠤᠳᠠ ᠳᠤ ᠬᠤᠷᠠᠯ ᠬᠤᠷᠠᠯᠳᠤᠭᠤᠯᠵᠤ᠂ ᠤᠷᠤᠨ ᠲᠠᠶᠠᠭᠠᠷ ᠤᠨ ᠠᠶᠠᠯᠠᠯ ᠵᠢᠭᠤᠯᠴᠢᠯᠠᠯ ᠤᠨ ᠵᠠᠬ᠎ᠠ ᠵᠡᠬᠡᠯᠢ ᠶᠢᠨ ᠬᠠᠮᠢᠶ᠎ᠠ ᠪᠦᠬᠦᠢ ᠡᠵᠡᠩᠨᠡᠯᠳᠡ ᠦᠢᠯᠡᠴᠢᠯᠡᠬᠡᠨ ᠤ ᠪᠠᠶᠢᠭᠤᠯᠭ᠎ᠠ᠂ ᠬᠤᠪᠢ ᠨᠢᠬᠡᠴᠡ ᠡᠷᠭᠡᠪᠰᠢ ᠤᠯᠤᠰ ᠪᠠ ᠤᠷᠤᠨ ᠤ ᠦᠨ᠎ᠡ ᠬᠠᠩᠰᠢ ᠶᠢᠨ ᠬᠠᠤᠯᠢ ᠳᠦᠷᠢᠮ ᠢ ᠵᠢᠷᠤᠮᠯᠠᠵᠤ᠂ ᠦᠨ᠎ᠡ ᠬᠠᠩᠰᠢ ᠪᠡᠨ ᠢᠯᠡ ᠪᠠᠶᠢᠯᠭᠠᠬᠤ ᠬᠡᠷᠡᠭᠳᠡᠢ ᠬᠡᠵᠡᠢ᠃

    ᠡᠬᠦᠨ ᠳᠤ ᠨᠡᠶᠢᠯᠡᠵᠤ ᠪᠤᠷᠤᠯᠠᠭᠤᠯᠬᠤ᠂ ᠨᠡᠮᠡᠭᠳᠡᠯ ᠳᠦᠯᠦᠪᠦᠷᠢ ᠬᠤᠷᠢᠶᠠᠬᠤ᠂ ᠬᠠᠮᠤᠭ ᠤᠨ ᠳᠤᠤᠷ᠎ᠠ ᠬᠡᠷᠡᠭᠯᠡᠬᠡᠨ ᠤ ᠦᠨ᠎ᠡ ᠳᠤᠭᠳᠠᠭᠠᠬᠤ᠂ ᠵᠠᠬ᠎ᠠ ᠵᠡᠬᠡᠯᠢ ᠶᠢᠨ ᠦᠨ᠎ᠡ ᠬᠠᠩᠰᠢ ᠢᠢ ᠦᠰᠬᠡᠬᠦ ᠪᠡᠷ ᠤᠷᠤᠯᠳᠤᠬᠤ ᠵᠡᠷᠬᠡ ᠠᠵᠢᠯᠯᠠᠭ᠎ᠠ ᠶᠢ ᠡᠷᠡᠰ ᠬᠤᠷᠢᠬᠯᠠᠨ᠎ᠠ᠃ ᠪᠦᠬᠦ ᠵᠢᠭᠤᠯᠴᠢᠯᠠᠯ ᠤᠨ ᠭᠠᠵᠠᠷ ᠤᠨ ᠦᠵᠡᠮᠦᠷᠢ ᠶᠢᠨ ᠪᠢᠯᠧᠲ᠂ ᠵᠢᠭᠤᠯᠴᠢᠯᠠᠬᠤ ᠮᠠᠰᠢᠨ ᠤ ᠪᠢᠯᠧᠲ ᠶᠢᠨ ᠦᠨ᠎ᠡ ᠶᠢ ᠡᠷᠬᠡᠪᠰᠢ ᠵᠠᠰᠠᠭ ᠤᠨ ᠭᠠᠵᠠᠷ ᠡᠴᠡ ᠳᠤᠭᠳᠠᠭᠠᠭᠰᠠᠨ ᠬᠠᠩᠰᠢ ᠪᠡᠷ ᠶᠠᠪᠤᠭᠤᠯᠵᠤ᠂ ᠪᠢᠯᠧᠲ ᠬᠤᠳᠠᠯᠳᠤᠬᠤ ᠭᠠᠵᠠᠷ ᠲᠤ ᠳᠤᠳᠤᠷᠬᠠᠶᠢᠯᠠᠯᠳᠠ ᠬᠠᠳᠠᠬᠤ ᠬᠡᠷᠡᠭᠳᠡᠢ᠃ ᠳᠤᠳᠤᠷᠬᠠᠶᠢᠯᠠᠭᠰᠠᠨ ᠦᠨ᠎ᠡ ᠡᠴᠡ ᠭᠠᠳᠠᠭᠤᠷ ᠪᠦᠳᠦᠬᠡᠭᠳᠡᠬᠦᠨ ᠪᠤᠷᠤᠯᠠᠭᠤᠯᠵᠤ ᠳᠦᠯᠦᠪᠦᠷᠢ ᠬᠤᠷᠢᠶᠠᠬᠤ᠂ ᠬᠤᠳᠠᠯ ᠬᠠᠭᠤᠷᠮᠠᠭ ᠪᠤᠶᠤ ᠬᠦᠮᠦᠨ ᠤ ᠳᠤᠯᠤᠭᠠᠢ ᠶᠢ ᠡᠷᠬᠢᠬᠦᠯᠬᠦ ᠦᠨ᠎ᠡ ᠬᠠᠳᠠᠵᠤ ᠮᠡᠬᠡᠯᠡᠬᠦ᠂ ᠦᠳᠦᠬᠡᠨ ᠪᠤᠷᠤᠯᠠᠭᠤᠯᠬᠤ ᠵᠡᠷᠬᠡ ᠶᠢ ᠡᠷᠡᠰ ᠬᠤᠷᠢᠭᠯᠠᠨ᠎ᠠ᠃ ᠬᠤᠭᠤᠯᠠᠨ ᠤ ᠭᠠᠵᠠᠷ ᠠᠭᠠᠷᠵᠢᠭᠤᠯᠤᠭᠴᠢ᠂ ᠰᠠᠭᠤᠳᠠᠯ᠂ ᠴᠠᠢ᠂ ᠰᠠᠪᠠ ᠬᠡᠷᠡᠭᠰᠡᠯ ᠤᠨ ᠳᠦᠯᠦᠪᠦᠷᠢ ᠬᠤᠷᠢᠶᠠᠵᠤ ᠪᠤᠯᠬᠤ ᠦᠬᠡᠢ᠃ ᠠᠷᠢᠬᠢ ᠵᠠᠳᠠᠯᠤᠭᠰᠠᠨ᠂ ᠦᠢᠯᠡᠴᠢᠯᠡᠭᠰᠡᠨ᠂ ᠬᠤᠭᠤᠯᠠᠨ ᠤ ᠰᠠᠪᠠ ᠶᠢ ᠠᠷᠢᠭᠤᠳᠬᠠᠭᠰᠠᠨ ᠬᠡᠬᠦ ᠨᠡᠷ᠎ᠡ ᠪᠡᠷ ᠳᠦᠯᠦᠪᠦᠷᠢ ᠬᠤᠷᠢᠶᠠᠵᠤ ᠪᠤᠯᠬᠤ ᠦᠬᠡᠢ᠃ ᠦᠨ᠎ᠡ ᠬᠠᠩᠰᠢ ᠪᠡᠨ ᠳᠤᠳᠤᠷᠬᠠᠢ ᠬᠠᠳᠠᠬᠤ ᠦᠬᠡᠢ ᠪᠤᠶᠤ ᠬᠠᠭᠤᠷᠮᠠᠭ ᠬᠠᠩᠰᠢ ᠬᠠᠳᠠᠬᠤ᠂ ᠬᠤᠶᠠᠷ ᠦᠬᠡᠷ᠎ᠡ ᠵᠠᠬᠢᠶᠠᠯᠠᠭ᠎ᠠ ᠶᠢᠨ ᠳᠡᠪᠳᠡᠷ ᠭᠠᠷᠭᠠᠵᠤ ᠬᠡᠷᠡᠭᠯᠡᠭᠴᠢᠳ ᠢ ᠮᠡᠬᠡᠯᠡᠵᠤ ᠪᠤᠯᠬᠤ ᠦᠬᠡᠢ᠃ ᠬᠠᠮᠤᠭ ᠤᠨ ᠳᠤᠤᠷ᠎ᠠ ᠬᠡᠷᠡᠭᠯᠡᠬᠡᠨ ᠤ ᠦᠨ᠎ᠡ ᠳᠤᠭᠳᠠᠭᠠᠵᠤ ᠪᠤᠯᠬᠤ ᠦᠬᠡᠢ᠂ ᠦᠨ᠎ᠡ ᠦᠰᠬᠡᠬᠦ ᠴᠢᠮᠡᠬᠡ ᠳᠠᠷᠬᠠᠭᠠᠵᠤ ᠪᠤᠯᠬᠤ ᠦᠬᠡᠢ᠃ ᠠᠶᠠᠯᠠᠯ ᠵᠢᠭᠤᠯᠴᠢᠯᠠᠯ ᠤᠨ ᠨᠢᠬᠡᠴᠡ ᠪᠤᠯᠤᠨ ᠬᠤᠭᠤᠯᠠᠨ ᠤ ᠭᠠᠵᠠᠷ ᠬᠠᠷᠢᠯᠴᠠᠨ ᠬᠤᠪᠢᠯᠳᠤᠵᠤ ᠦᠨ᠎ᠡ ᠬᠠᠩᠰᠢ ᠳᠤᠭᠳᠠᠭᠠᠨ ᠵᠠᠬ᠎ᠠ ᠵᠡᠬᠡᠯᠢ ᠶᠢᠨ ᠡᠮᠬᠢ ᠳᠢᠭ᠍ᠯᠢᠮ ᠢ ᠰᠠᠮᠠᠷᠠᠭᠤᠯᠬᠤ ᠶᠢ ᠡᠷᠡᠰ ᠬᠤᠷᠢᠭᠯᠠᠨ᠎ᠠ᠃ ᠠᠯᠪᠠᠳᠠᠯᠭ᠎ᠠ ᠶᠢᠨ ᠴᠢᠨᠠᠷᠳᠠᠢ ᠦᠢᠯᠡᠴᠢᠯᠡᠬᠡ ᠬᠠᠩᠭᠠᠬᠤ᠂ ᠵᠢᠭᠤᠯᠴᠢᠳ ᠢ ᠮᠡᠬᠡᠯᠡᠵᠤ ᠶᠡᠬᠡ ᠵᠠᠷᠤᠯᠭ᠎ᠠ ᠭᠠᠷᠭᠠᠭᠤᠯᠬᠤ ᠵᠢᠴᠢ ᠪᠤᠰᠤᠳ ᠦᠨ᠎ᠡ ᠬᠠᠩᠰᠢ ᠶᠢᠨ ᠳᠦᠷᠢᠮ ᠡᠴᠡ ᠵᠦᠷᠢᠴᠡᠬᠦ ᠶᠢ ᠡᠷᠡᠰ ᠬᠤᠷᠢᠭᠯᠠᠨ᠎ᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118833486