蒙古文网站Logo
ᠰᠢᠨᠬᠤᠸᠠ ᠮᠤᠩᠭ᠋ᠤᠯ ᠨᠧᠲ

2016 ᠣᠨ ᠤ ᠪᠠᠭᠰᠢ ᠶᠢᠨ ᠬᠢᠷᠢ ᠬᠡᠮ ᠢ ᠬᠢᠨᠠᠨ ᠲᠣᠭᠲᠠᠭᠠᠬᠤ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ

2016-05-19 16:49

    2016 ᠣᠨ ᠤ ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠬᠢᠷᠢ ᠬᠡᠮ ᠢ ᠬᠢᠨᠠᠨ ᠲᠣᠭᠲᠠᠭᠠᠬᠤ《ᠰᠤᠷᠭᠠᠨ ᠬᠥᠮᠦᠵᠢᠯ ᠤᠨ ᠤᠬᠠᠭᠠᠨ》 《ᠰᠤᠷᠭᠠᠨ ᠬᠥᠮᠦᠵᠢᠯ ᠤᠨ ᠰᠡᠳᠬᠢᠴᠡ ᠶᠢᠨ ᠵᠦᠢ》 ᠶᠢᠨ ᠰᠢᠯᠭᠠᠯᠲᠠ ᠬᠢᠨᠠᠬᠤ ᠠᠵᠢᠯ ᠲᠠᠭᠤᠰᠴᠤ᠂ ᠰᠢᠯᠭᠠᠯᠲᠠ ᠶᠢᠨ ᠬᠢᠷᠢ ᠪᠦᠲᠦᠮᠵᠢ ᠶᠢ 5 ᠳ᠋ᠤᠭᠠᠷ ᠰᠠᠷ᠎ᠠ ᠶᠢᠨ 16 ᠤ ᠡᠳᠦᠷ ᠨᠡᠶᠢᠲᠡᠯᠡᠪᠡ᠃

    ᠰᠢᠯᠭᠠᠭᠤᠯᠤᠭᠰᠠᠳ ᠰᠢᠯᠭᠠᠯᠲᠠ ᠶᠢᠨ ᠬᠢᠷᠢ ᠪᠦᠲᠦᠮᠵᠢ ᠪᠠᠨ ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ (http᠄ //www.nm.zsks.cn)《ᠪᠠᠭᠰᠢ ᠶᠢᠨ ᠬᠢᠷᠢ ᠬᠡᠮ ᠤᠨ ᠰᠢᠯᠭᠠᠯᠲᠠ》  ᠶᠢᠨ ᠰᠤᠪᠠᠭ ᠪᠤᠶᠤ 《ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ》 ᠶᠢᠨ ᠸᠢᠴᠠᠲ ᠤᠨ ᠲᠠᠪᠴᠠᠩ (nmgzskszwx)  ᠠᠴᠠ ᠯᠠᠪᠯᠠᠵᠤ ᠪᠣᠯᠣᠨ᠎ᠠ᠃ ᠰᠢᠯᠭᠠᠯᠲᠠ ᠶᠢᠨ ᠬᠢᠷᠢ ᠪᠦᠲᠦᠮᠵᠢ ᠳᠡᠭᠡᠨ ᠮᠠᠳᠠᠬ ᠲᠠᠢ ᠰᠢᠯᠭᠠᠭᠤᠯᠤᠭᠰᠠᠳ᠂ ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ (http᠄ //www.nm.zsks.cn) 《ᠪᠠᠭᠰᠢ ᠶᠢᠨ ᠬᠢᠷᠢ ᠬᠡᠮ ᠤᠨ ᠰᠢᠯᠭᠠᠯᠲᠠ》 ᠶᠢᠨ ᠰᠤᠪᠠᠭ ᠳᠡᠭᠡᠷ᠎ᠡ ᠲᠠᠬᠢᠨᠳᠠ ᠪᠠᠶᠢᠴᠠᠭᠠᠵᠤ ᠪᠣᠯᠣᠨ᠎ᠠ᠂ ᠲᠠᠬᠢᠨᠳᠠ ᠪᠠᠶᠢᠴᠠᠭᠠᠬᠤ ᠴᠠᠭ ᠨᠢ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠶᠠᠪᠤᠭᠳᠠᠨ᠎ᠠ᠂ ᠬᠤᠭᠤᠴᠠᠭ᠎ᠠ ᠬᠡᠲᠦᠷᠡᠪᠠᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃

ᠢᠷᠡᠯᠳᠡ᠄ ᠥᠪᠥᠷ ᠮᠣᠩᠭ᠋ᠤᠯ ᠤᠨ ᠵᠠᠰᠠᠭ ᠤᠨ ᠣᠷᠳᠣᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118896194