蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭᠣᠯ ᠤᠨ ᠭᠤᠷᠪᠠᠳᠤᠭᠠᠷ ᠬᠤᠭᠤᠴᠠᠭᠠᠨ ᠤ ᠣᠯᠠᠨ ᠤᠯᠤᠰ ᠤᠨ ᠮᠣᠷᠢᠨ ᠮᠡᠷᠭᠡᠵᠢᠯ ᠦᠨ ᠨᠠᠭᠠᠳᠤᠮ ᠣᠳᠠᠬᠤ ᠦᠭᠡᠢ ᠡᠬᠢᠯᠡᠨ᠎ᠠ

2016-05-24 13:59

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠥᠪᠥᠷ ᠮᠣᠩᠭᠣᠯ ᠤᠨ ᠭᠤᠷᠪᠠᠳᠤᠭᠠᠷ ᠬᠤᠭᠤᠴᠠᠭᠠᠨ ᠤ ᠣᠯᠠᠨ ᠤᠯᠤᠰ ᠤᠨ ᠮᠣᠷᠢᠨ ᠮᠡᠷᠭᠡᠵᠢᠯ ᠦᠨ ᠨᠠᠭᠠᠳᠤᠮ ᠢ 8 ᠰᠠᠷ᠎ᠠ ᠶᠢᠨ 28 ᠍ ᠠᠴᠠ 31 ᠍ ᠦ ᠡᠳᠦᠷ ᠪᠣᠯᠲᠠᠯ᠎ᠠ ᠬᠢᠬᠦ ᠪᠡᠷ ᠲᠣᠭᠲᠠᠭᠰᠠᠨ ᠪᠠᠶᠢᠨ᠎ᠠ᠃

    ᠲᠣᠰ ᠬᠤᠭᠤᠴᠠᠭᠠᠨ ᠤ ᠣᠯᠠᠨ ᠤᠯᠤᠰ ᠤᠨ ᠮᠣᠷᠢᠨ ᠮᠡᠷᠭᠡᠵᠢᠯ ᠦᠨ ᠨᠠᠭᠠᠳᠤᠮ ᠳᠤ ᠬᠥᠷᠰᠢ ᠵᠡᠷᠭᠡᠯᠡᠳᠡᠭᠡ ᠤᠯᠤᠰ ᠣᠷᠣᠨ ᠤ ᠮᠣᠷᠢᠨ ᠮᠡᠷᠭᠡᠵᠢᠯ ᠦᠨ ᠪᠠᠬᠠᠲᠠᠳ ᠢ ᠤᠷᠢᠨ ᠣᠷᠤᠯᠴᠠᠭᠤᠯᠵᠤ᠂ ᠥᠪᠥᠷ ᠮᠣᠩᠭᠣᠯ ᠤᠨ ᠣᠯᠠᠨ ᠤᠯᠤᠰ ᠤᠨ ᠮᠣᠷᠢᠨ ᠮᠡᠷᠭᠡᠵᠢᠯ ᠦᠨ ᠨᠠᠷᠠᠲᠤ ᠲᠡᠮᠳᠡᠭ ᠢ ᠡᠭᠦᠳᠬᠦ ᠪᠡᠷ ᠪᠠᠶᠢᠬᠤ ᠶᠤᠮ ᠪᠠᠶᠢᠨ᠎ᠠ᠃ ᠮᠣᠷᠢᠨ ᠮᠡᠷᠭᠡᠵᠢᠯ ᠦᠨ ᠤᠷᠤᠯᠳᠤᠭᠠᠨ ᠨᠤᠭᠤᠳ ᠢ ᠭᠣᠣᠯ ᠠᠳᠬᠤᠵᠤ᠂ ᠪᠡᠶ᠎ᠡ ᠶᠢᠨ ᠳᠠᠮᠢᠷ ᠤᠨ ᠦᠢᠯᠡᠰ ᠢ ᠠᠳᠤᠭᠤᠨ ᠤ ᠦᠢᠯᠡᠰ ᠲᠡᠢ ᠤᠶᠠᠯᠳᠤᠭᠤᠯᠤᠨ ᠬᠥᠭ᠍ᠵᠢᠭᠦᠯᠬᠦ ᠵᠠᠭᠪᠤᠷ ᠢ ᠠᠰᠢᠭᠯᠠᠵᠤ᠂ ᠥᠪᠥᠷ ᠮᠣᠩᠭᠣᠯ ᠤᠨ ᠮᠣᠷᠢᠨ ᠮᠡᠷᠭᠡᠵᠢᠯ ᠦᠨ ᠨᠠᠭᠠᠳᠤᠮ ᠢᠶᠠᠷ ᠲᠣᠯᠣᠭᠠᠶᠢᠯᠠᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠨᠠᠷᠠᠲᠤ ᠲᠡᠮᠳᠡᠭᠲᠦ ᠨᠦᠭᠦᠳ ᠢ ᠡᠭᠦᠳᠴᠦ᠂ ᠠᠳᠤᠭᠤ ᠲᠡᠵᠢᠭᠡᠬᠦ᠂ ᠰᠤᠩᠭ᠋ᠤᠬᠤ᠂ ᠰᠤᠷᠭᠠᠬᠤ᠂ ᠣᠷᠣᠯᠳᠤᠭᠤᠯᠬᠤ᠂ ᠭᠠᠩᠭ᠋ᠠᠩ ᠮᠣᠷᠢ ᠰᠣᠨᠢᠷᠬᠠᠬᠤ ᠵᠡᠷᠭᠡ ᠶᠢ ᠪᠦᠷᠢᠳᠦᠭᠦᠯᠦᠭᠰᠡᠨ ᠠᠳᠤᠭᠤᠨ ᠤ ᠠᠵᠤ ᠦᠢᠯᠡᠰ ᠢ ᠪᠠᠶᠢᠭᠤᠯᠤᠨ ᠬᠥᠭ᠍ᠵᠢᠭᠦᠯᠵᠦ᠂ ᠠᠳᠤᠭᠤᠨ ᠰᠤᠶᠤᠯ ᠢ ᠬᠥᠭ᠍ᠵᠢᠶᠡᠨ ᠪᠠᠳᠠᠷᠠᠭᠠᠭᠰᠠᠨ ᠪᠠᠶᠢᠳᠠᠯ ᠢ ᠪᠤᠢ ᠪᠣᠯᠭᠠᠬᠤ ᠪᠣᠯᠤᠨ᠎ᠠ᠃

    2014 ᠣᠨ ᠠᠴᠠ ᠨᠠᠭᠠᠰᠢ᠂ ᠥᠪᠥᠷ ᠮᠣᠩᠭᠣᠯ ᠤᠨ ᠬᠢᠨ ᠬᠣᠶᠠᠷ ᠬᠤᠭᠤᠴᠠᠭᠠᠨ ᠤ ᠮᠣᠷᠢᠨ ᠮᠡᠷᠭᠡᠵᠢᠯ ᠦᠨ ᠨᠠᠭᠠᠳᠤᠮ ᠢ ᠵᠠᠯᠭᠠᠨ ᠬᠢᠵᠦ ᠪᠠᠶᠢᠭ᠎ᠠ ᠶᠤᠮ᠃ ᠲᠣᠰ ᠬᠤᠭᠤᠴᠠᠭᠠᠨ ᠤ ᠮᠣᠷᠢᠨ ᠮᠡᠷᠭᠡᠵᠢᠯ ᠦᠨ ᠨᠠᠭᠠᠳᠤᠮ ᠳᠤ ᠥᠪᠥᠷ ᠮᠣᠩᠭᠣᠯ ᠤᠨ ᠮᠣᠷᠢᠨ ᠮᠡᠷᠭᠡᠵᠢᠯ ᠦᠨ ᠤᠷᠤᠯᠳᠤᠭᠠᠨ᠂ ᠣᠷᠳᠣᠰ ᠤᠨ ᠣᠯᠠᠨ ᠤᠯᠤᠰ ᠤᠨ ᠨᠠᠭᠠᠳᠤᠮ᠂ ᠣᠯᠠᠨ ᠤᠯᠤᠰ ᠤᠨ ᠬᠤᠷᠳᠤᠨ ᠮᠣᠷᠢᠨ ᠤ ᠱᠠᠩᠨᠠᠯᠲᠤ ᠤᠷᠤᠯᠳᠤᠭᠠᠨ᠂ ᠳᠤᠮᠳᠠᠳᠤ ᠤᠯᠤᠰ ᠤᠨ ᠠᠳᠤᠭᠤᠨ ᠤ ᠨᠤᠲᠤᠭ ᠤᠨ ᠮᠣᠷᠢᠨ ᠤ ᠤᠷᠤᠯᠳᠤᠭᠠᠨ ᠨᠤᠭᠤᠳ ᠵᠡᠷᠭᠡ ᠬᠠᠮᠢᠶᠠᠲᠠᠢ ᠤᠷᠤᠯᠳᠤᠭᠠᠨ ᠪᠣᠯᠤᠨ ᠦᠢᠯᠡ ᠠᠵᠢᠯᠯᠠᠭ᠎ᠠ ᠨᠤᠭᠤᠳ ᠢ ᠨᠢᠭᠡᠳᠬᠡᠬᠦ ᠶᠤᠮ ᠪᠠᠶᠢᠨ᠎ᠠ᠃ ᠡᠭᠦᠨ ᠦ ᠬᠠᠮᠲᠤ ᠪᠠᠰᠠ ᠠᠳᠤᠭᠤᠨ ᠤ ᠦᠢᠯᠡᠰ ᠦᠨ ᠲᠡᠷᠢᠭᠦᠨ ᠨᠠᠷ ᠤᠨ ᠴᠢᠭᠤᠯᠭ᠎ᠠ ᠠᠭᠤᠯᠵᠠᠯᠲᠠ᠂ ᠮᠣᠷᠢᠨ ᠮᠡᠷᠭᠡᠵᠢᠯ ᠦᠨ ᠬᠤᠪᠴᠠᠰᠤ ᠶᠢ ᠤᠷᠠᠯᠠᠨ ᠲᠥᠰᠦᠪᠯᠡᠬᠦ ᠤᠷᠤᠯᠳᠤᠭᠠᠨ ᠵᠡᠷᠭᠡ ᠰᠣᠶᠣᠯ ᠤᠨ ᠠᠵᠢᠯᠯᠠᠭ᠎ᠠ ᠥᠷᠨᠢᠭᠦᠯᠬᠦ ᠪᠥᠭᠡᠳ ᠬᠠᠮᠢᠶᠠᠲᠠᠢ ᠦᠢᠯᠡ ᠠᠵᠢᠯᠯᠠᠭ᠎ᠠ ᠶᠢ ᠵᠢᠯ ᠲᠤᠷᠰᠢ ᠶᠠᠪᠤᠭᠤᠯᠬᠤ ᠶᠤᠮ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118921839