蒙古文网站Logo
ᠰᠢᠨᠬᠤᠸᠠ ᠮᠤᠩᠭ᠋ᠤᠯ ᠨᠧᠲ

ᠲᠠᠪᠤᠲᠤᠭᠠᠷ ᠬᠤᠭᠤᠴᠠᠭᠠᠠ ᠤ ᠤᠯᠤᠰ ᠲᠠᠶᠠᠭᠠᠷ ᠤᠨ ᠴᠦᠭᠡᠡ ᠲᠤᠭᠠᠲᠦ ᠦᠨᠲᠦᠰᠦᠲᠡᠡ ᠤ ᠤᠷᠠᠠ ᠰᠠᠶᠢᠬᠠᠠ ᠤ ᠲᠤᠭᠯᠠᠯᠲᠠ ᠤᠳᠠᠬᠤ ᠦᠬᠡᠢ ᠶᠠᠪᠤᠭᠲᠠᠨ᠎ᠠ

2016-05-24 14:11

    ᠰᠢᠨᠬᠤᠧᠠ ᠬᠤᠷᠢᠶ᠎ᠠ  ᠪᠡᠬᠡᠵᠢᠩ ᠤᠨ 5 ᠰᠠᠷ᠎ᠠ ᠶᠢᠨ 23᠎ ᠤ ᠡᠲᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠽᠦᠢ ᠴᠢᠩ ᠰᠢᠨ) ᠲᠠᠪᠤᠲᠤᠭᠠᠷ ᠬᠤᠭᠤᠴᠠᠭᠠᠠ ᠤ ᠤᠯᠤᠰ ᠲᠠᠶᠠᠭᠠᠷ ᠤᠨ ᠴᠦᠭᠡᠡ ᠲᠤᠭᠠᠲᠤ ᠦᠨᠲᠦᠰᠦᠲᠡᠡ ᠤ ᠤᠷᠠᠠ ᠰᠠᠶᠢᠬᠠᠠ ᠤ ᠲᠤᠭᠯᠠᠯᠲᠠ ᠶᠢᠨ ᠴᠢᠭᠤᠯᠭᠠᠨ ᠢ ᠵᠤᠬᠢᠶᠠᠠ ᠪᠠᠶᠢᠭᠤᠯᠬᠤ ᠺᠤᠮᠢᠰ 23᠎ ᠤ ᠡᠲᠦᠷ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠭᠤᠯᠵᠤ᠂ ᠤᠯᠤᠰ ᠤᠨ ᠦᠨᠲᠦᠰᠦᠲᠡᠡ ᠤ ᠭᠡᠷᠡᠭ ᠡᠷᠬᠢᠯᠡᠬᠦ ᠵᠦᠪᠯᠡᠯ᠂ ᠰᠤᠶᠤᠯ ᠤᠨ ᠶᠠᠮᠤᠨ᠂ ᠤᠯᠤᠰ ᠤᠨ ᠰᠤᠨᠢᠨ ᠮᠡᠲᠡᠭᠡ ᠬᠡᠪᠯᠡᠯ ᠷᠠᠲᠢᠣ᠋ ᠲᠧᠯᠸᠢᠰ ᠺᠢᠨᠣ᠋ ᠶᠢᠨ ᠶᠡᠷᠦᠩᠭᠡᠢ ᠲᠤᠪᠴᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠤᠷᠲᠤᠨ ᠠᠴᠠ ᠭᠤᠤᠯᠯᠠᠠ ᠡᠷᠬᠢᠯᠡᠬᠦ ᠲᠠᠪᠤᠲᠤᠭᠠᠷ ᠬᠤᠭᠤᠴᠠᠭᠠᠠ ᠤ ᠤᠯᠤᠰ ᠲᠠᠶᠠᠭᠠᠷ ᠤᠨ ᠴᠦᠭᠡᠡ ᠲᠤᠭᠠᠲᠦ ᠦᠨᠲᠦᠰᠦᠲᠡᠡ ᠤ ᠤᠷᠠᠠ ᠰᠠᠶᠢᠬᠠᠠ ᠤ ᠲᠤᠭᠯᠠᠯᠲᠠ ᠶᠢᠨ ᠴᠢᠭᠤᠯᠭᠠᠨ ᠡᠨᠡ ᠵᠢᠯ ᠤᠨ 8 ᠰᠠᠷ᠎ᠠ ᠶᠢᠨ 16 ᠡᠴᠠ 9 ᠰᠠᠷ᠎ᠠ ᠶᠢᠨ 14᠎ ᠤ ᠡᠲᠦᠷ ᠪᠤᠯᠲᠠᠯ᠎ᠠ ᠪᠡᠭᠡᠵᠢᠩ ᠳᠤ ᠵᠤᠬᠢᠶᠠᠨ ᠪᠠᠶᠢᠭᠤᠯᠤᠭᠳᠠᠨ᠎ᠠ ᠭᠡᠵᠦ ᠨᠡᠶᠢᠲᠡᠯᠡᠪᠡ᠃

    ᠤᠯᠤᠰ ᠲᠠᠶᠠᠭᠠᠷ ᠤᠨ ᠴᠦᠭᠡᠡ ᠲᠤᠭᠠᠲᠦ ᠦᠨᠲᠦᠰᠦᠲᠡᠡ ᠤ ᠤᠷᠠᠠ ᠰᠠᠶᠢᠬᠠᠠ ᠤ ᠲᠤᠭᠯᠠᠯᠲᠠ ᠶᠢᠨ ᠴᠢᠭᠤᠯᠭᠠᠨ ᠪᠤᠯ ᠤᠯᠤᠰ ᠲᠠᠶᠠᠭᠠᠷ ᠤᠨ ᠬᠠᠤᠯᠢ ᠳᠤ ᠲᠤᠭᠲᠠᠭᠠᠭᠰᠠᠠ ᠤᠯᠤᠰ ᠤᠨ ᠴᠦᠭᠡᠡ ᠲᠤᠭᠠᠲᠦ ᠦᠨᠲᠦᠰᠦᠲᠡᠡ ᠤ ᠲᠤᠮᠤ ᠬᠡᠯᠪᠡᠷᠢ ᠶᠢᠨ ᠰᠤᠶᠤᠯ ᠤᠨ ᠠᠵᠢᠯᠯᠠᠭᠠᠨ ᠤ ᠨᠢᠭᠡ ᠪᠤᠯᠤᠨ᠎ᠠ᠂ ᠲᠠᠪᠤᠨ ᠵᠢᠯ ᠳᠤ ᠨᠢᠭᠡ ᠤᠲᠠᠭ᠎ᠠ ᠵᠤᠬᠢᠶᠠᠨ ᠪᠠᠶᠢᠭᠤᠯᠳᠠᠭ᠃ ᠲᠠᠨᠢᠯᠴᠠᠭᠤᠯᠤᠭᠰᠠᠠ ᠢᠶᠠᠷ᠂ ᠲᠤᠰ ᠬᠤᠭᠤᠴᠠᠭᠠᠠ ᠎ ᠤ ᠤᠷᠠᠠ ᠰᠠᠶᠢᠬᠠᠠ ᠤ ᠲᠤᠭᠯᠠᠯᠲᠠ ᠶᠢᠨ ᠴᠢᠭᠤᠯᠭᠠᠨ ᠳᠤ 31 ᠮᠤᠵᠢ᠂ ᠦᠪᠡᠷᠲᠡᠭᠡᠡ ᠵᠠᠰᠬᠠᠤ ᠤᠷᠤᠨ᠂ ᠰᠢᠭᠤᠳ ᠬᠠᠷᠢᠶ᠎ᠠ ᠬᠤᠲᠠ ᠪᠤᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠡ ᠪᠠᠶᠢᠭᠤᠯᠤᠯᠲᠠ ᠶᠢᠨ ᠪᠢᠩᠲ᠋ᠤᠸᠠᠠ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠵᠢᠴᠢ ᠲᠦᠪ ᠤᠨ ᠠᠷᠠᠳ ᠤᠨ ᠵᠠᠰᠠᠭ ᠤᠨ ᠤᠷᠲᠤᠨ ᠤ ᠰᠢᠶᠠᠩᠭ᠋ᠠᠩ ᠳᠤ ᠰᠠᠭᠤᠭ᠎ᠠ ᠬᠤᠯᠪᠤᠭ᠎ᠠ ᠪᠠᠷᠢᠬᠤ ᠠᠯᠪᠠᠠ ᠭᠡᠷ ᠵᠡᠷᠭᠡ 35 ᠲᠦᠯᠦᠭᠡᠯᠡᠭᠴᠢᠳ ᠤᠨ ᠪᠦᠯᠬᠦᠮ 43 ᠲᠠᠯᠠᠪᠤᠷ ᠲᠤᠭᠯᠠᠯᠲᠠ ᠶᠢ ᠠᠪᠴᠢᠷᠠᠨ᠎ᠠ᠃ ᠡᠲᠡᠭᠡᠷ ᠲᠤᠭᠯᠠᠯᠲᠠ ᠶᠢ ᠵᠠᠯᠭ᠎ᠠ ᠵᠠᠯᠭ᠎ᠠ ᠪᠠᠷ ᠪᠤᠤᠯᠢ ᠵᠦᠴᠦᠭᠡ ᠶᠢᠨ ᠬᠦᠷᠢᠶᠡᠯᠡᠩ᠂ ᠦᠨᠲᠦᠰᠦᠲᠡᠡ ᠤ ᠵᠦᠴᠦᠭᠡ ᠶᠢᠨ ᠬᠦᠷᠢᠶᠡᠯᠡᠩ᠂ ᠲᠢᠶᠠᠠ ᠵᠢᠶᠤᠤ ᠵᠦᠴᠦᠭᠡ ᠶᠢᠨ ᠲᠠᠯᠠᠪᠤᠷ᠂ ᠦᠨᠲᠦᠰᠦᠲᠡᠡ ᠤ ᠰᠤᠶᠤᠯ ᠤᠨ ᠤᠷᠲᠤᠨ ᠤ ᠲᠤᠮᠤ ᠵᠦᠴᠦᠭᠡ ᠶᠢᠨ ᠬᠦᠷᠢᠶᠡᠯᠡᠩ᠂ ᠤᠯᠤᠰ ᠤᠨ ᠶᠠᠷᠢᠶᠠᠲᠦ ᠵᠦᠴᠦᠭᠡ ᠶᠢᠨ ᠬᠦᠷᠢᠶᠡᠯᠡᠩ ᠤᠨ ᠵᠦᠴᠦᠭᠡ ᠶᠢᠨ ᠲᠠᠯᠠᠪᠤᠷ᠂ ᠴᠠᠩ ᠠᠠ ᠲᠤᠮᠤ ᠵᠦᠴᠦᠭᠡ ᠶᠢᠨ ᠬᠦᠷᠢᠶᠡᠯᠡᠩ᠂ ᠮᠸᠢ ᠯᠠᠠ ᠹᠠᠩ ᠲᠤᠮᠤ ᠵᠦᠴᠦᠭᠡ ᠶᠢᠨ ᠬᠦᠷᠢᠶᠡᠯᠡᠩ᠂ ᠲᠤᠮᠲᠠᠲᠤ ᠤᠯᠤᠰ ᠤᠨ ᠵᠦᠴᠦᠭᠡ ᠶᠢᠨ ᠬᠦᠷᠢᠶᠡᠯᠡᠩ᠂ ᠲᠢᠶᠠᠠ ᠵᠢᠶᠤᠤ ᠤᠷᠠᠯᠢᠭ ᠤᠨ ᠲᠦᠪ᠂ ᠡᠷᠡᠡ ᠵᠠᠭᠤᠨ ᠵᠦᠴᠦᠭᠡ ᠶᠢᠨ ᠬᠦᠷᠢᠶᠡᠯᠡᠩ ᠵᠡᠷᠭᠡ ᠵᠦᠴᠦᠭᠡ ᠶᠢᠨ ᠲᠠᠯᠠᠪᠤᠷ ᠲᠤ ᠲᠤᠭᠯᠠᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118921932