蒙古文网站Logo
ᠰᠢᠨᠬᠤᠸᠠ ᠮᠤᠩᠭ᠋ᠤᠯ ᠨᠧᠲ

ᠴᠢᠳᠠᠪᠤᠷᠢᠲᠠᠨ ᠤᠷᠢᠵᠤ ᠡᠯᠰᠡᠬᠦ ᠬᠤᠷᠠᠯ ᠪᠠ ᠠᠵᠢᠯ ᠤᠯᠭᠤᠬᠤ ᠶᠠᠷᠢᠯᠴᠠᠭᠠᠨ ᠤ ᠬᠤᠷᠠᠯ ᠬᠤᠷᠠᠯᠳᠤᠬᠤ ᠪᠡᠷ ᠪᠤᠢ

2016-06-03 10:54

    《2016 ᠣᠨ ᠤ ᠬᠥᠬᠡᠬᠤᠲᠠ ᠶᠢᠨ ᠵᠤᠨ ᠤ ᠤᠯᠠᠷᠢᠯ ᠤᠨ ᠴᠢᠳᠠᠪᠤᠷᠢᠲᠠᠨ ᠤᠷᠢᠵᠤ ᠡᠯᠰᠡᠬᠦ ᠭᠤᠷᠪᠠᠳᠤᠭᠠᠷ ᠬᠤᠭᠤᠴᠠᠭᠠᠨ ᠤ ᠶᠡᠭᠡ ᠬᠤᠷᠠᠯ ᠵᠢᠴᠢ ᠬᠤᠷᠢᠨ ᠬᠤᠶᠠᠳᠤᠭᠠᠷ ᠬᠤᠭᠤᠴᠠᠭᠠᠨ ᠤ〈ᠡᠷᠳᠡᠮᠲᠡᠨ ᠴᠢᠳᠠᠪᠤᠷᠢᠲᠠᠳ ᠬᠥᠬᠡᠬᠤᠲᠠ ᠳᠤ ᠴᠢᠭᠤᠯᠬᠤ〉 ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠠᠷᠢᠯᠴᠠᠭᠠᠨ ᠤ ᠬᠤᠷᠠᠯ》 6 ᠰᠠᠷ᠎ᠠ ᠶᠢᠨ 4 ᠤ ᠡᠳᠦᠷ ᠥᠪᠥᠷ ᠮᠣᠩ᠋ᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠨ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠶᠠᠷᠢᠯᠴᠠᠭᠠᠨ ᠤ ᠬᠤᠷᠠᠯ ᠳᠤ ᠬᠥᠮᠦᠨ ᠬᠡᠷᠡᠭᠯᠡᠬᠦ 166 ᠨᠢᠭᠡᠴᠡ 3600 ᠭᠠᠷᠤᠢ ᠠᠵᠢᠯ ᠤᠨ ᠪᠠᠶᠢᠷᠢ ᠬᠠᠨᠭ᠍ᠭᠠᠨ᠎ᠠ᠃ ᠡᠯᠰᠡᠬᠦ ᠠᠵᠤ ᠠᠬᠤᠶᠢᠯᠠᠯ ᠨᠢ ᠭᠤᠤᠯᠳᠠᠭᠤ ᠣᠷᠣᠨ ᠤ ᠲᠤᠳᠤᠨ᠎ᠠ ᠭᠠᠳᠠᠨᠠᠬᠢ ᠲᠤᠮᠤ ᠬᠡᠯᠪᠡᠷᠢ ᠶᠢᠨ ᠨᠡᠷᠡᠲᠦ ᠠᠵᠤ ᠠᠬᠤᠶᠢᠯᠠᠯ᠂ ᠭᠠᠳᠠᠭᠠᠳᠤ ᠶᠢᠨ ᠪᠡᠯᠡ ᠣᠷᠣᠭᠤᠯᠤᠭᠰᠠᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠳ ᠪᠤᠯᠤᠨ᠎ᠠ᠃ ᠠᠵᠢᠯ ᠤᠨ ᠪᠠᠶᠢᠷᠢ ᠨᠢ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦ᠂ ᠲᠠᠷᠢᠶᠠᠯᠠᠩ ᠮᠠᠯ ᠠᠵᠤ ᠠᠬᠤᠶ᠂ ᠬᠡᠷ ᠭᠠᠵᠠᠷ ᠬᠦᠷᠦᠩᠬᠡ ᠵᠡᠷᠭᠡ 22 ᠠᠵᠢᠯ ᠲᠦᠷᠦᠯ ᠂ ᠰᠤᠷᠭᠠᠭᠤᠯᠢ ᠲᠡᠭᠦᠰᠦᠭᠰᠡᠳ ᠤᠨ ᠨᠥᠭᠡᠴᠡ ᠠᠵᠢᠯ ᠤᠨ ᠪᠠᠶᠢᠷᠢ᠂ ᠰᠠᠭᠤᠷᠢ ᠠᠵᠢᠯ ᠤᠨ ᠪᠠᠶᠢᠷᠢ᠂ ᠬᠠᠮᠢᠶᠠᠷᠤᠯᠲᠠ ᠶᠢᠨ ᠲᠥᠷᠥᠯ ᠂ ᠬᠥᠳᠡᠯᠮᠦᠷᠢ ᠦᠢᠯᠡᠴᠢᠯᠡᠭᠡ ᠂ ᠮᠡᠷᠭᠡᠵᠢᠯ ᠤᠨ ᠠᠵᠢᠯ ᠲᠦᠷᠦᠯ ᠵᠡᠷᠭᠡ ᠳᠤ ᠬᠤᠯᠪᠤᠭᠳᠠᠨ᠎ᠠ᠃

ᠢᠷᠡᠯᠳᠡ᠄ ᠥᠪᠥᠷ ᠮᠣᠩᠭ᠋ᠤᠯ ᠤᠨ ᠵᠠᠰᠠᠭ ᠤᠨ ᠣᠷᠳᠣᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118983994