蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭ᠋ᠤᠯ᠄ 2016 ᠣᠨ ᠤ ᠶᠡᠭᠡ ᠳᠡᠭᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠲᠠ ᠶᠢᠨ ᠬᠢᠷᠢ ᠪᠦᠲᠦᠮᠵᠢ ᠶᠢ 23 ᠤ ᠡᠳᠤᠷ ᠨᠡᠶᠢᠲᠡᠯᠡᠨ᠎ᠡ

2016-06-14 11:27

    2016 ᠣᠨ ᠤ ᠶᠡᠭᠡ ᠳᠡᠭᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠲᠠ ᠶᠢ ᠨᠧᠲ ᠳᠡᠭᠡᠷ᠎ᠡ ᠬᠢᠨᠠᠬᠤ ᠴᠠᠭ 6 ᠰᠠᠷ᠎ᠠ ᠶᠢᠨ 10 - 23 ᠤ ᠡᠳᠦᠷ ᠪᠣᠯᠲᠠᠯ᠎ᠠ᠂ ᠰᠢᠯᠭᠠᠯᠲᠠ ᠶᠢᠨ ᠬᠢᠷᠢ ᠪᠦᠲᠦᠮᠵᠢ ᠶᠢ 6 ᠰᠠᠷ᠎ᠠ ᠶᠢᠨ 23 ᠤ ᠡᠳᠦᠷ ᠨᠡᠶᠢᠲᠡᠯᠡᠨ᠎ᠡ᠂ ᠰᠢᠯᠭᠠᠭᠤᠯᠤᠭᠰᠠᠳ ᠲᠠᠪᠤᠨ ᠵᠦᠢᠯ ᠤᠨ ᠠᠷᠭ᠎ᠠ ᠪᠠᠷ ᠬᠤᠪᠢ ᠪᠠᠨ ᠯᠠᠪᠯᠠᠵᠤ ᠪᠣᠯᠤᠨ᠎ᠠ᠃

    1. ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠤᠷᠠᠭ ᠵᠠᠩᠭᠢ ᠶᠢᠨ ᠨᠧᠲ (http://www.nm.zsks.cn/) ᠡᠴᠡ ᠯᠠᠪᠯᠠᠵᠤ ᠪᠤᠯᠤᠨ᠎ᠠ᠃

    2. ᠭᠠᠷ ᠤᠲᠠᠰᠤ ᠪᠠᠷ 《gkcf ᠰᠢᠯᠭᠠᠭᠤᠯᠤᠭᠴᠢ ᠶᠢᠨ ᠳ᠋ᠤᠭᠠᠷ》 ᠢᠶᠡᠨ ᠣᠬᠤᠷ ᠴᠢᠮᠡᠭᠡ ᠨᠠᠶᠢᠷᠠᠭᠤᠯᠤᠨ 10628833 ᠳᠤ ᠢᠯᠡᠭᠡᠵᠤ ᠰᠢᠯᠭᠠᠭᠰᠠᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ᠃

    3. ᠠᠦ᠋ᠲ᠋ᠤᠴᠢᠯᠠᠭᠰᠠᠨ ᠬᠡᠯᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠯᠠᠪᠯᠠᠵᠤ ᠪᠣᠯᠤᠨ᠎ᠠ᠂ ᠣᠷᠣᠨ ᠤ ᠳᠣᠲᠤᠷᠠᠬᠢ ᠳᠤᠮᠳᠠᠳᠤ ᠤᠯᠤᠰ ᠤᠨ ᠮᠡᠳᠡᠭᠡ ᠬᠤᠯᠪᠣᠭᠠᠨ ᠤ ᠬᠤᠯᠪᠣᠭᠠᠲᠤ ᠺᠣᠮᠫᠠᠨᠢ ᠶᠢᠨ ᠬᠡᠷᠡᠭᠯᠡᠭᠴᠢᠳ 16897788 ᠳᠤ ᠤᠲᠠᠰᠤ ᠠᠪᠴᠤ᠂ ᠳᠤᠮᠳᠠᠳᠤ ᠤᠯᠤᠰ ᠤᠨ ᠴᠠᠬᠢᠯᠭᠠᠨ ᠮᠡᠳᠡᠭᠡ ᠬᠤᠯᠪᠣᠭᠠᠨ ᠤ ᠬᠡᠷᠡᠭᠯᠡᠭᠴᠢᠳ 16817788 ᠳᠤ ᠤᠲᠠᠰᠤ ᠠᠪᠴᠤ᠂ ᠳᠤᠮᠳᠠᠳᠤ ᠤᠯᠤᠰ ᠤᠨ ᠲᠡᠮᠦᠷ ᠵᠠᠮ ᠤᠨ ᠮᠡᠳᠡᠭᠡ ᠬᠤᠯᠪᠣᠭᠠᠨ ᠤ ᠬᠡᠷᠡᠭᠯᠡᠭᠴᠢᠳ 95105168 ᠳᠤ ᠤᠲᠠᠰᠤ ᠠᠪᠴᠤ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠡᠷᠡᠭᠯᠡᠭᠴᠢᠳ 1255088 ᠳᠤ ᠤᠲᠠᠰᠤ ᠠᠪᠤᠪᠠᠯ ᠬᠤᠪᠢ ᠪᠠᠨ ᠣᠯᠵᠤ ᠮᠡᠳᠡᠵᠦ ᠪᠣᠯᠤᠨ᠎ᠠ᠃

    4. ᠬᠦᠮᠦᠨ ᠤ ᠬᠦᠴᠦᠨ ᠤ ᠮᠡᠳᠡᠭᠡ ᠵᠠᠩᠭᠢ ᠶᠢᠨ ᠲᠠᠪᠴᠠᠩ ᠢᠶᠠᠷ ᠯᠠᠪᠯᠠᠵᠤ ᠪᠣᠯᠤᠨ᠎ᠠ᠂ ᠮᠡᠳᠡᠭᠡ ᠬᠤᠯᠪᠣᠭᠠᠨ ᠤ ᠬᠤᠯᠪᠣᠭᠠᠲᠤ ᠺᠣᠮᠫᠠᠨᠢ ᠶᠢᠨ ᠬᠡᠷᠡᠭᠯᠡᠭᠴᠢᠳ 16897788 ᠳᠤ ᠤᠲᠠᠰᠤ ᠠᠪᠴᠤ ᠯᠠᠪᠯᠠᠵᠤ ᠪᠣᠯᠤᠨ᠎ᠠ᠃

    5.ᠸᠢᠴᠠᠲ ᠢᠶᠡᠷ ᠳᠠᠮᠵᠢᠨ ᠬᠢᠷᠢ ᠪᠦᠲᠦᠮᠵᠢ ᠢᠶᠡᠨ ᠯᠠᠪᠯᠠᠨ ᠠᠰᠠᠭᠤᠬᠤ᠄ ᠸᠢᠴᠠᠲ ᠢᠶᠡᠷ《 ᠥᠪᠦᠷ ᠮᠣᠩᠭᠣᠯ ᠤᠨ ᠰᠤᠷᠤᠭᠴᠢ ᠡᠯᠰᠡᠬᠦ ᠰᠢᠯᠭᠠᠯᠳᠠ(内蒙古招生考试)》 ᠶ᠋ᠢᠨ ᠠᠯᠪᠠᠨ ᠤ ᠸᠢᠴᠠᠲ ᠢ ᠠᠩᠬᠠᠷᠤᠭᠰᠠᠨ ᠤ ᠳᠠᠷᠠᠭ᠎ᠠ᠂ ᠠᠯᠪᠠᠨ ᠤ ᠸᠢᠴᠠᠲ ᠶᠢᠨ ᠪᠠᠷᠠᠭᠤᠨ ᠲᠣᠣᠷᠠᠬᠢ 《ᠬᠢᠷᠢ ᠪᠦᠲᠦᠮᠵᠢ ᠶᠢ ᠯᠠᠪᠯᠠᠨ ᠠᠰᠠᠭᠤᠬᠤ》 ᠶ᠋ᠢ ᠳᠠᠷᠤᠪᠴᠢᠯᠠᠨ ᠬᠢᠷᠢ ᠪᠦᠲᠦᠮᠵᠢ ᠪᠡᠨ ᠯᠠᠪᠯᠠᠵᠤ ᠪᠣᠯᠤᠨ᠎ᠠ᠃

    ᠣᠶᠢᠯᠠᠭᠠᠭᠰᠠᠨ ᠢᠶᠠᠷ᠂ 6 ᠰᠠᠷ᠎ᠠ ᠶᠢᠨ 23 ᠤ ᠡᠳᠦᠷ ᠠᠴᠠ ᠡᠬᠢᠯᠡᠨ ᠰᠢᠯᠭᠠᠭᠤᠯᠤᠭᠰᠠᠳ ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠤᠷᠠᠭ ᠵᠠᠩᠭᠢ ᠶᠢᠨ ᠨᠧᠲ ᠡᠴᠡ ᠬᠦᠰᠦᠨᠦᠭᠲᠦ ᠲᠠᠭᠯᠠᠭᠤᠯᠤᠭᠰᠠᠨ ᠶᠡᠭᠡ ᠳᠡᠭᠡᠳᠦ ᠰᠤᠷᠭᠠᠭᠤᠯᠢ ᠨᠤᠭᠤᠳ ᠤᠨ ᠨᠡᠷᠡᠰ ᠢᠶᠠᠷ ᠠᠰᠠᠭᠤᠨ ᠯᠠᠪᠯᠠᠵᠤ ᠪᠣᠯᠤᠨ᠎ᠠ᠃ 6 ᠰᠠᠷ᠎ᠠ ᠶᠢᠨ 23-26 ᠤ ᠡᠳᠦᠷ ᠪᠣᠯᠲᠠᠯ᠎ᠠ᠂ ᠰᠢᠯᠭᠠᠭᠤᠯᠤᠭᠰᠡᠳ ᠰᠢᠯᠭᠠᠯᠲᠠ ᠶᠢᠨ ᠬᠤᠪᠢ ᠪᠠᠨ ᠳᠠᠪᠲᠠᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ︔ 6 ᠰᠠᠷ᠎ᠠ ᠶᠢᠨ 25 ᠤ ᠡᠳᠦᠷ ᠠᠴᠠ ᠡᠮᠦᠨ᠎ᠡ᠂ ᠦᠪᠦᠷ ᠮᠤᠩᠭ᠋ᠤᠯ ᠤᠨ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ ᠨᠡᠶᠢᠲᠡᠯᠡᠨ᠎ᠡ᠃

ᠢᠷᠡᠯᠳᠡ᠄ ᠥᠪᠥᠷ ᠮᠤᠩᠭ᠋ᠤᠯ ᠤᠨ ᠵᠠᠰᠠᠭ ᠤᠨ ᠣᠷᠳᠣᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119039092