蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠨ ᠲᠠᠷᠢᠶᠠᠯᠠᠩ ᠤᠨ ᠶᠡᠭᠡ ᠰᠤᠷᠭᠠᠭᠤᠯᠢ 2016 ᠣᠨ ᠳᠤ 8350 ᠰᠤᠷᠤᠭᠴᠢ ᠡᠯᠰᠡᠬᠦ ᠪᠠᠷ ᠲᠥᠯᠦᠪᠯᠡᠵᠤ ᠪᠤᠢ

2016-06-14 16:23

    ᠣᠶᠢᠷ᠎ᠠ ᠳᠤ᠂ ᠥᠪᠥᠷ ᠮᠣᠩᠭ᠋ᠤᠯ ᠤᠨ ᠲᠠᠷᠢᠶᠠᠯᠠᠩ ᠤᠨ ᠶᠡᠭᠡ ᠰᠤᠷᠭᠠᠭᠤᠯᠢ 2016 ᠣᠨ ᠤ ᠰᠤᠷᠤᠭᠴᠢ ᠡᠯᠰᠡᠬᠦ ᠲᠥᠯᠥᠪᠯᠡᠭᠡ ᠪᠠᠨ ᠲᠣᠭᠲᠠᠭᠠᠵᠤ᠂ ᠥᠪᠥᠷ ᠮᠣᠩᠭ᠋ᠤᠯ᠂ ᠪᠡᠭᠡᠵᠢᠩ᠂ ᠲᠢᠶᠠᠨᠵᠢᠨ᠂ ᠰᠢᠨᠵᠢᠶᠠᠩ᠂ ᠲᠥᠪᠡᠳ ᠵᠡᠷᠭᠡ 30 ᠭᠠᠷᠤᠶ ᠮᠤᠵᠢ (ᠬᠤᠳᠠ᠂ ᠤᠷᠤᠨ) ᠠᠴᠠ 8350 ᠰᠤᠷᠤᠭᠴᠢ ᠡᠯᠰᠡᠬᠦ ᠪᠠᠷ ᠲᠦᠯᠦᠪᠯᠡᠵᠦ ᠪᠠᠶᠢᠨ᠎ᠠ᠃ ᠡᠭᠦᠨ ᠳᠤ᠂ ᠦᠨᠳᠦᠰᠦᠨ ᠠᠩᠭᠢ ᠳᠤ 7300 ᠰᠤᠷᠤᠭᠴᠢ (ᠮᠣᠩᠭ᠋ᠤᠯ ᠢᠶᠠᠷ ᠬᠢᠴᠢᠶᠡᠯᠯᠡᠬᠦ  1110 ᠰᠤᠷᠤᠭᠴᠢ᠂ ᠡᠭᠦᠨ ᠳᠤ ᠦᠨᠳᠦᠰᠦᠲᠡᠨ ᠤ ᠪᠡᠯᠡᠳᠬᠡᠯ ᠠᠩᠬᠢ ᠳᠤ 120 ᠰᠤᠷᠤᠭᠴᠢ᠂ ᠦᠨᠳᠦᠰᠦᠲᠡᠨ ᠤ ᠠᠩᠭᠢ ᠳᠤ 70 ᠰᠤᠷᠤᠭᠴᠢ᠂ ᠠᠵᠢᠯ ᠲᠥᠷᠥᠯ ᠤᠨ ᠰᠢᠰᠲ᠋ᠧᠮ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠦᠨᠳᠦᠰᠦᠨ ᠠᠩᠬᠢ ᠳᠤ 910 ᠰᠤᠷᠤᠭᠴᠢ᠂ ᠬᠢᠲᠠᠳ ᠢᠶᠠᠷ ᠬᠢᠴᠢᠶᠡᠯᠯᠡᠬᠦ ᠤᠷᠠᠯᠢᠭ ᠤᠨ ᠠᠩᠭᠢ ᠳᠤ 120 ᠰᠤᠷᠤᠭᠴᠢ᠂ ᠳᠤᠮᠳᠠᠳᠤ ᠭᠠᠳᠠᠭᠠᠳᠤ ᠶᠢᠨ ᠬᠠᠮᠲᠤᠷᠠᠨ ᠡᠷᠭᠢᠯᠡᠭᠰᠡᠨ ᠠᠩᠭᠢ ᠳᠤ 300 ᠰᠤᠷᠤᠭᠴᠢ)᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠤᠨ ᠠᠩᠭᠢ ᠳᠤ 1050 ᠰᠤᠷᠤᠭᠴᠢ ( ᠡᠭᠦᠨ ᠳᠤ ᠮᠤᠩᠭ᠋ᠤᠯ ᠢᠶᠠᠷ ᠬᠢᠴᠢᠶᠡᠯᠯᠡᠬᠦ 30 ᠰᠤᠷᠤᠭᠴᠢ᠂ ᠠᠵᠢᠯ ᠲᠥᠷᠥᠯ ᠤᠨ ᠰᠢᠰᠲ᠋ᠧᠮ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠳᠤ 235 ᠰᠤᠷᠤᠭᠴᠢ ᠡᠯᠰᠡᠨ᠎ᠠ) ᠡᠯᠰᠡᠬᠦ ᠪᠠᠷ ᠲᠦᠯᠦᠪᠯᠡᠵᠦ ᠪᠠᠶᠢᠨ᠎ᠠ᠃

    2016 ᠣᠨ ᠳᠤ ᠲᠤᠰ ᠰᠤᠷᠭᠠᠭᠤᠯᠢ ᠪᠤᠳᠠᠰ ᠤᠨ ᠬᠦᠢᠯᠬᠡᠬᠡᠨ ᠤ ᠨᠧᠲ ᠤᠨ ᠢᠨᠵᠧᠨᠧᠷᠢᠩ ᠤᠨ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠵᠤ᠂ ᠦᠨᠳᠦᠰᠦᠨ ᠠᠩᠬᠢ ᠶᠢᠨ ᠰᠤᠷᠤᠭᠴᠢ ᠡᠯᠰᠡᠬᠦ ᠪᠡᠷ ᠲᠤᠭᠳᠠᠪᠠ᠃ ᠡᠭᠦᠨ ᠤ ᠬᠠᠮᠲᠤ᠂ 《ᠴᠢᠳᠠᠪᠤᠷᠢᠲᠠᠨ ᠤ ᠰᠠᠭᠤᠷᠢ ᠠᠩᠭᠢ》 ᠨᠢ ᠠᠩᠬ᠎ᠠ ᠤᠳᠠᠭ᠎ᠠ ᠰᠤᠷᠤᠭᠴᠢ ᠡᠯᠰᠡᠨ᠎ᠡ᠃

ᠢᠷᠡᠯᠳᠡ᠄ ᠥᠪᠥᠷ ᠮᠣᠩᠭ᠋ᠤᠯ ᠤᠨ ᠵᠠᠰᠠᠭ ᠤᠨ ᠣᠷᠳᠣᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119041945