蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠨ 2016 ᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠠᠵᠢᠯ ᠤᠨ ᠪᠠᠶᠢᠷᠢ ᠶᠢᠨ ᠪᠠᠭᠰᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠪᠡ

2016-06-16 16:40

    2016 ᠣᠨ ᠳᠤ ᠥᠪᠥᠷ ᠮᠣᠩᠭ᠋ᠤᠯ ᠤᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠨᠠᠷ ᠲᠤ ᠣᠨᠴᠠᠭᠠᠶ ᠠᠵᠢᠯ ᠤᠨ ᠪᠠᠶᠢᠷᠢ ᠭᠠᠷᠭᠠᠬᠤ ᠲᠥᠯᠥᠪᠯᠡᠭᠡ ᠶᠢᠨ ᠰᠢᠯᠭᠠᠯᠲᠠ ᠶᠢᠨ ᠬᠢᠷᠢ ᠪᠦᠲᠦᠮᠵᠢ ᠶᠢ 15 ᠤ ᠡᠳᠦᠷ ᠨᠡᠶᠢᠲᠡᠯᠡᠪᠡ᠃

    ᠰᠢᠯᠭᠠᠭᠤᠯᠤᠭᠰᠡᠳ 《 ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ 》 ᠶᠢᠨ ᠸᠢᠴᠡᠲ ᠤᠨ ᠲᠠᠪᠴᠠᠩ ᠪᠠ ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠨᠧᠲ ᠠᠴᠠ ᠯᠠᠪᠯᠠᠵᠤ ᠪᠣᠯᠤᠨ᠎ᠠ᠃

    ᠣᠶᠢᠯᠠᠭᠠᠭᠰᠠᠨ ᠢᠶᠠᠷ᠂ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ᠂ ᠰᠢᠯᠭᠠᠭᠤᠯᠤᠭᠰᠡᠳ ᠬᠢᠷᠢ ᠪᠦᠲᠦᠮᠵᠢ ᠳᠡᠭᠡᠨ ᠮᠠᠳᠠᠭ ᠲᠠᠢ ᠪᠠᠶᠢᠪᠠᠯ᠂ 6 ᠰᠠᠷ᠎ᠠ ᠶᠢᠨ 18 ᠤ ᠡᠳᠦᠷ ᠤᠨ 18᠄ 00 ᠴᠠᠭ ᠠᠴᠠ ᠡᠮᠦᠨ᠎ᠡ ᠨᠧᠲ ᠳᠡᠭᠡᠷ᠎ᠡ ᠬᠢᠷᠢ ᠪᠦᠲᠦᠮᠵᠢ ᠪᠠᠨ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠣᠨ᠎ᠠ᠂ ᠬᠤᠭᠤᠴᠠᠭ᠎ᠠ ᠠᠴᠠ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ 6 ᠰᠠᠷ᠎ᠠ ᠶᠢᠨ 19 ᠤ ᠡᠳᠦᠷ ᠠᠵᠢᠯ ᠤᠨ ᠪᠠᠶᠢᠷᠢ ᠶᠢᠨ ᠲᠥᠯᠥᠪᠯᠡᠭᠡ ᠶᠣᠰᠣᠭᠠᠷ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠨ᠎ᠡ᠃

    ᠲᠣᠭᠲᠠᠭᠠᠯ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠶᠡᠬᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠣᠯᠭᠤᠬᠤ ᠵᠢᠯᠣᠭᠤᠳᠤᠮᠵᠢ ᠶᠢᠨ ᠲᠥᠪ ᠠᠴᠠ ᠪᠢᠷ ᠤᠨ ᠰᠢᠯᠭᠠᠯᠲᠠ ᠳᠤ ᠬᠢᠷᠢ ᠲᠡᠩᠴᠡᠵᠦ ᠨᠢᠭᠤᠷᠲᠠᠨ ᠰᠢᠯᠭᠠᠬᠤ ᠳᠤ ᠣᠷᠣᠯᠴᠠᠬᠤ ᠪᠠᠷ ᠵᠢᠱᠢᠭᠰᠡᠳ ᠤᠨ ᠬᠢᠷᠢ ᠬᠡᠮ ᠢ ᠳᠠᠬᠢᠨ ᠨᠢᠭᠡ ᠤᠳᠠᠭ᠎ᠠ ᠬᠢᠨᠠᠨ ᠪᠠᠶᠢᠴᠠᠭᠠᠵᠤ᠂ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃ ᠨᠢᠭᠤᠷᠳᠠᠨ ᠰᠢᠯᠭᠠᠯᠲᠠ ᠳᠤ ᠣᠷᠣᠯᠴᠠᠬᠰᠠᠳ ᠤᠨ ᠲᠤᠭ᠎ᠠ ᠶᠢ ᠪᠢᠷ ᠤᠨ ᠰᠢᠯᠭᠠᠯᠲᠠ ᠳᠤ ᠬᠢᠷᠢ ᠲᠡᠩᠴᠡᠭᠰᠡᠨ ᠬᠥᠮᠥᠨ ᠤ ᠲᠣᠭᠠᠨ ᠤ 1:3 ᠶᠢᠨ ᠬᠠᠷᠢᠴᠠᠯ ᠢᠶᠠᠷ ᠲᠣᠭᠲᠠᠭᠠᠨ᠎ᠠ᠃ ᠨᠢᠭᠤᠷᠳᠠᠨ ᠰᠢᠯᠭᠠᠯᠲᠠ (ᠲᠤᠷᠰᠢᠨ ᠬᠢᠴᠢᠶᠡᠯᠯᠡᠬᠦ) ᠶᠢ ᠠᠶᠢᠮᠠᠭ ᠬᠤᠳᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠵᠤ᠂ ᠰᠢᠯᠭᠠᠭᠤᠯᠤᠭᠰᠠᠳ ᠤᠨ ᠶᠡᠷᠦᠩᠬᠡᠶ ᠬᠡᠪ ᠪᠣᠯᠪᠠᠰᠤᠷᠠᠯ ᠪᠠ ᠰᠤᠷᠭᠠᠨ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢ ᠶᠢ ᠭᠤᠣᠯᠳᠠᠯᠭ᠎ᠠ ᠲᠠᠢ ᠪᠠᠷ ᠰᠢᠯᠭᠠᠨ ᠪᠠᠶᠢᠴᠠᠭᠠᠬᠤ ᠮᠥᠷᠲᠡᠭᠡᠨ ᠪᠠᠰᠠ ᠰᠢᠯᠭᠠᠭᠤᠯᠤᠭᠰᠠᠳ ᠢ ᠵᠣᠬᠢᠶᠠᠨ ᠪᠠᠶᠢᠭᠤᠯᠵᠤ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃

    ᠨᠢᠭᠤᠷᠲᠠᠨ ᠰᠢᠯᠭᠠᠬᠤ ᠴᠠᠭ ᠨᠢ 2016 ᠣᠨ ᠤ 6 ᠰᠠᠷ᠎ᠠ ᠶᠢᠨ 20 ᠤ ᠡᠳᠦᠷ ᠠᠴᠠ 7 ᠰᠠᠷ᠎ᠠ ᠶᠢᠨ 10 ᠤ ᠡᠳᠦᠷ ᠪᠣᠯᠲᠠᠯ᠎ᠠ᠂ ᠪᠣᠳᠠᠲᠠᠶ ᠴᠠᠭ ᠪᠣᠯᠣᠨ ᠭᠠᠵᠠᠷ ᠢ ᠬᠤᠯᠪᠤᠭᠳᠠᠯ ᠪᠦᠬᠦᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ  ᠠᠴᠠ ᠰᠢᠯᠭᠠᠭᠤᠯᠤᠭᠰᠠᠳ ᠲᠤ ᠮᠡᠳᠡᠭᠳᠡᠬᠦ ᠪᠣᠯᠬᠤᠷ ᠥᠪᠡᠷ ᠤᠨ ᠨᠡᠷ᠎ᠡ ᠮᠡᠳᠡᠭᠦᠯᠬᠦ ᠦᠶᠡᠰ ᠳᠠᠩᠰᠠᠯᠠᠭᠤᠯᠤᠭᠰᠠᠨ ᠬᠠᠷᠢᠯᠴᠠᠬᠤ ᠤᠲᠠᠰᠤ ᠪᠠᠨ 24 ᠴᠠᠭ ᠢᠶᠠᠷ ᠨᠡᠭᠡᠭᠡᠯᠲᠡ ᠲᠠᠢ ᠪᠠᠶᠢᠯᠭᠠᠭᠠᠷᠠᠢ᠃ 

ᠢᠷᠡᠯᠳᠡ᠄ ᠥᠪᠥᠷ ᠮᠣᠩᠭ᠋ᠤᠯ ᠤᠨ ᠵᠠᠰᠠᠭ ᠤᠨ ᠣᠷᠳᠣᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119057136