蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠡᠯᠳᠡᠪ ᠠᠮᠦ  ᠶᠢᠨ ᠠᠵᠤ ᠠᠬᠤᠶᠢᠯᠠᠯ ᠤᠨ ᠠᠩᠬᠠᠳᠠᠭᠴᠢ ᠶᠠᠷᠮᠠᠭ 10 ᠰᠠᠷ᠎ᠠ ᠳᠤ ᠬᠦᠬᠡᠬᠣᠲᠡ ᠳᠤ ᠪᠤᠯᠤᠨ᠎ᠠ

2016-06-23 16:35

    6 ᠰᠠᠷ᠎ᠠ ᠶᠢᠨ 22 ᠤᠨ ᠡᠳᠤᠷ ᠳᠤᠮᠳᠠᠳᠤ ᠤᠯᠤᠰ (ᠬᠦᠬᠡᠬᠣᠲᠠ)  ᠶᠢᠨ ᠡᠯᠳᠡᠪ ᠠᠮᠦ  ᠶᠢᠨ ᠠᠵᠤ ᠠᠬᠤᠶᠢᠯᠠᠯ ᠤᠨ ᠠᠩᠬᠠᠳᠠᠭᠴᠢ ᠶᠠᠷᠮᠠᠭ ᠬᠢᠭᠡᠳ ᠡᠯᠳᠡᠪ ᠠᠮᠦ  ᠶᠢᠨ ᠴᠠᠬᠢᠮ ᠬᠤᠳᠠᠯᠳᠤᠭᠠᠨ ᠤ ᠪᠠᠶᠠᠷ ᠤᠨ ᠬᠡᠪᠯᠡᠯ ᠮᠡᠳᠡᠬᠡᠯᠡᠯ ᠤᠨ ᠬᠣᠷᠠᠯ ᠬᠦᠬᠡᠬᠤᠳᠠ ᠳᠤ ᠬᠤᠷᠠᠯᠳᠤᠯ᠎ᠠ᠃ ᠰᠣᠷᠪᠤᠯᠵᠢᠯᠠᠭᠴᠢ ᠶᠢᠨ ᠣᠶᠢᠯᠠᠭᠠᠭᠰᠠᠨ ᠢᠶᠡᠷ ᠲᠤᠰ ᠤᠳᠠᠭᠠᠨ ᠤ ᠠᠵᠢᠯᠯᠠᠭ᠎ᠠ ᠡᠨᠡ ᠵᠢᠯ ᠤᠨ 10 ᠰᠠᠷ᠎ᠠ ᠶᠢᠨ 14 ᠤ ᠡᠳᠦᠷ ᠡᠴᠡ 16 ᠤ ᠡᠳᠦᠷ ᠬᠦᠷᠲᠡᠯ᠎ᠡ ᠥᠪᠦᠷ ᠮᠣᠩᠭᠣᠯ ᠤᠨ ᠣᠯᠠᠨ  ᠤᠯᠤᠰ ᠤᠨ ᠦᠵᠡᠰᠭᠦᠯᠡᠩ  ᠤᠨ ᠲᠦᠪ ᠲᠤ ᠵᠣᠬᠢᠶᠠᠨ ᠪᠠᠶᠢᠭᠤᠯᠤᠭᠳᠠᠨ᠎ᠠ᠃

    ᠬᠦᠬᠡᠬᠣᠲᠠ ᠶᠢᠨ ᠠᠷᠠᠳ ᠤᠨ ᠵᠠᠰᠠᠭ ᠤᠨ ᠣᠷᠳᠤᠨ᠂ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠣᠢ ᠶᠢᠨ ᠲᠢᠩᠬᠢᠮ ᠡᠴᠡ ᠵᠣᠬᠢᠶᠠᠨ ᠪᠠᠶᠢᠭᠤᠯᠬᠤ ᠪᠡᠷ ᠪᠠᠶᠢᠭ᠎ᠠ ᠳᠤᠮᠳᠠᠳᠤ ᠤᠯᠤᠰ ᠤᠨ ᠡᠯᠳᠡᠪ ᠠᠮᠦ  ᠶᠢᠨ ᠠᠵᠤ ᠠᠬᠤᠶᠢᠯᠠᠯ ᠤᠨ ᠠᠩᠬᠠᠳᠠᠭᠴᠢ ᠶᠠᠷᠮᠠᠭ ᠨᠢ 《ᠢᠨᠲ᠋ᠧᠷᠨᠧᠲ+》 ᠤᠬᠠᠭᠲᠠᠬᠤᠨ ᠢ ᠲᠠᠲᠠᠨ ᠣᠷᠤᠭᠤᠯᠵᠤ᠂ ᠡᠬᠢᠨ ᠡᠴᠡ ᠨᠢ ᠨᠠᠷᠢᠯᠢᠬ ᠪᠣᠯᠪᠠᠰᠤᠷᠠᠭᠤᠯᠵᠤ ᠡᠴᠦᠰ ᠲᠤ ᠨᠢ ᠪᠤᠬᠢᠷᠳᠤᠯ ᠦᠬᠡᠢ᠂ ᠠᠶᠦᠯᠬᠦᠢ᠂ ᠪᠠᠶᠢᠭᠠᠯᠢ ᠤᠷᠴᠢᠨ ᠳᠤ ᠨᠦᠯᠦᠬᠡᠯᠡᠬᠦ ᠦᠬᠡᠢ᠂ ᠡᠷᠡᠬᠦᠯ ᠮᠡᠨᠳᠦ ᠳᠤ ᠳᠤᠰᠠᠳᠠᠢ᠂ ᠴᠢᠨᠠᠷ ᠰᠠᠶᠢᠳᠠᠢ ᠢᠳᠡᠭᠡᠨ ᠢ ᠬᠡᠷᠡᠭᠯᠡᠭᠴᠢᠳ ᠲᠤ ᠬᠠᠩᠭ᠋ᠠᠵᠤ᠂ ᠮᠦᠨ ᠰᠢᠯᠢᠳᠡᠭ ᠪᠦᠳᠦᠬᠡᠭ᠍ᠳᠡᠬᠦᠨ ᠳᠤ ᠰᠠᠭᠤᠷᠢᠯᠠᠨ ᠡᠯᠳᠡᠪ ᠠᠮᠤ ᠶᠢᠨ ᠠᠵᠤ ᠦᠢᠯᠡᠰ ᠤᠨ ᠪᠦᠳᠦᠨ ᠬᠡᠯᠬᠢᠶ᠎ᠡ ᠶᠢ ᠳᠡᠯᠬᠡᠨ ᠦᠵᠡᠬᠦᠯᠬᠦ ᠪᠠ ᠬᠠᠷᠢᠯᠴᠠᠭᠠᠨ ᠤ ᠪᠤᠯᠤᠮᠵᠢ ᠬᠠᠩᠭ᠋ᠠᠨ᠎ᠠ᠃ ᠡᠬᠦᠨ ᠤ ᠵᠡᠷᠭᠡᠴᠡᠬᠡ᠂ ᠳᠤᠮᠳᠠᠳᠤ ᠣᠯᠤᠰ ᠤᠨ ᠰᠦᠯᠵᠶᠢ᠎ᠠ ᠡᠵᠡᠩᠨᠡᠯᠳᠡ ᠤᠨ ᠨᠡᠶᠢᠭᠡᠮᠯᠢᠭ᠌᠂ ᠳᠤᠮᠳᠠᠳᠤ ᠣᠯᠤᠰ ᠤᠨ ᠬᠣᠭᠣᠯᠠᠨ ᠭᠡᠷ ᠤᠨ ᠨᠡᠶᠢᠭᠡᠮᠯᠢᠭ᠌᠂ ᠨᠡᠷᠡᠲᠤ ᠴᠠᠬᠢᠮ ᠬᠤᠳᠠᠯᠳᠤᠭ᠎ᠠ᠂ ᠲᠣᠮᠤ ᠬᠡᠯᠪᠡᠷᠢ ᠶᠢᠨ ᠰᠦᠯᠵᠢᠶ᠎ᠠ ᠳᠡᠯᠭᠡᠭᠦᠷ ᠪᠣᠯᠤᠨ ᠬᠣᠭᠤᠯᠠ ᠣᠮᠳᠠ ᠶᠢᠨ ᠰᠠᠯᠪᠤᠷᠢ ᠶᠢ ᠤᠷᠢᠵᠤ ᠳᠡᠳᠡᠨᠡᠷ ᠲᠤ ᠰᠢᠭᠤᠳ ᠬᠠᠩᠭ᠋ᠠᠵᠤ ᠵᠠᠪᠰᠡᠷ ᠦᠭᠡᠢ ᠵᠠᠯᠭᠠᠭᠤᠯᠬᠤ ᠶᠢ ᠪᠡᠶᠡᠯᠡᠭᠦᠯᠤᠨ᠎ᠡ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119100667