蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠰᠤᠶᠤᠯ ᠤᠨ ᠦᠵᠡᠰᠬᠦᠯᠡᠩ ᠥᠷᠦᠮᠴᠢ ᠳᠤ ᠪᠤᠯᠤᠨ᠎ᠠ

2016-09-01 09:51

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 8 ᠰᠠᠷ᠎ᠠ ᠶᠢᠨ 31 ᠍ ᠦ ᠡᠳᠦᠷ ᠦᠨ ᠮᠡᠳᠡᠭᠡ ᠶᠢ ᠦᠨᠳᠦᠰᠦᠯᠡᠪᠡᠯ᠂ 2016 ᠣᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠰᠤᠶᠤᠯ ᠤᠨ ᠦᠵᠡᠰᠬᠦᠯᠡᠩ ᠪᠣᠯᠤᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠵᠡᠰᠬᠦᠯᠡᠩ 9 ᠰᠠᠷ᠎ᠠ ᠶᠢᠨ 2 ᠍ ᠠᠴᠠ 5 ᠍ ᠦ ᠡᠳᠦᠷ ᠪᠣᠯᠲᠠᠯ᠎ᠠ ᠥᠷᠦᠮᠴᠢ ᠬᠣᠲᠠ ᠳᠤ ᠵᠤᠬᠢᠶᠠᠨ ᠪᠠᠶᠢᠭᠤᠯᠤᠭᠳᠠᠬᠤ ᠪᠣᠯᠤᠨ᠎ᠠ᠃

    ᠡᠨᠡ ᠬᠣᠶᠠᠷ ᠦᠵᠡᠰᠬᠦᠯᠡᠩ ᠦᠨ ᠤᠷᠳᠤᠨ ᠳᠤ ᠦᠵᠡᠭᠴᠢᠳ ᠬᠣᠲᠠ ᠶᠢᠨ ᠬᠠᠭᠠᠯᠭ᠎ᠠ᠂ ᠠᠰᠠᠷ ᠳᠠᠭᠲᠤ᠂ ᠬᠡᠷᠡᠮ ᠵᠡᠷᠭᠡ ᠶᠢ ᠪᠠᠭᠲᠠᠭᠠᠭᠰᠠᠨ ᠳᠤᠮᠳᠠᠳᠤ ᠤᠯᠤᠰ ᠤᠨ ᠤᠯᠠᠮᠵᠢᠯᠠᠯᠲᠤ ᠪᠠᠷᠢᠯᠭ᠎ᠠ ᠶᠢ ᠰᠣᠨᠢᠷᠬᠠᠬᠤ ᠪᠣᠯᠤᠨ᠎ᠠ᠃ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠨᠤᠲᠤᠭᠯᠠᠵᠤ ᠪᠠᠶᠢᠭ᠎ᠠ ᠮᠤᠵᠢ ᠥᠪᠡᠷᠲᠡᠭᠡᠨ ᠵᠠᠰᠠᠬᠤ ᠣᠷᠣᠨ ᠤ ᠣᠷᠳᠣᠨ ᠲᠠᠯᠠᠪᠠᠢ ᠳᠤ ᠪᠠᠰᠠ ᠲᠤᠬᠠᠢ ᠶᠢᠨ ᠭᠠᠵᠠᠷ ᠤᠨ ᠦᠨᠳᠦᠰᠦᠲᠡᠨ ᠦ ᠪᠡᠶ᠎ᠡ ᠶᠢᠨ ᠲᠠᠮᠢᠷ ᠤᠨ ᠰᠤᠶᠤᠯ ᠢ ᠳᠣᠪᠣᠶᠢᠯᠭᠠᠨ ᠬᠠᠷᠠᠭᠤᠯᠬᠤ ᠪᠣᠯᠤᠨ᠎ᠠ᠃ 1000 ᠺᠦᠧᠠᠳ᠋ ᠮᠧᠲ᠋ᠷ ᠲᠠᠯᠠᠪᠠᠢ ᠲᠠᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠠᠳᠠᠭ ᠳᠡᠯᠭᠡᠭᠰᠡᠨ ᠲᠠᠯ᠎ᠠ ᠨᠤᠲᠤᠭ ᠤᠨ ᠬᠡᠯᠪᠡᠷᠢ ᠲᠡᠢ ᠦᠵᠡᠬᠦᠯᠦᠯᠬᠡ ᠶᠢᠨ ᠳᠠᠩᠬᠢᠮ ᠳᠤ ᠭᠣᠣᠯᠳᠠᠭᠤ ᠥᠪᠥᠷ ᠮᠣᠩᠭᠣᠯ ᠤᠨ ᠣᠷᠣᠨ ᠨᠤᠲᠤᠭ ᠤᠨ ᠰᠤᠶᠤᠯ᠂ ᠪᠡᠶ᠎ᠡ ᠶᠢᠨ ᠲᠠᠮᠢᠷ ᠤᠨ ᠰᠤᠶᠤᠯ ᠪᠣᠯᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠵᠡᠷᠭᠡ ᠶᠢ ᠭᠣᠣᠯ ᠪᠣᠯᠭᠠᠨ ᠳᠡᠯᠭᠡᠨ ᠦᠵᠡᠭᠦᠯᠬᠦ ᠪᠣᠯᠤᠨ᠎ᠠ᠃

    ᠦᠨᠳᠦᠰᠦᠲᠡᠨ ᠦ ᠣᠨᠴᠠᠯᠢᠭ ᠲᠠᠢ ᠦᠵᠡᠭᠦᠯᠦᠯᠬᠡ ᠶᠢᠨ ᠳᠠᠩᠬᠢᠮ ᠡᠴᠡ ᠭᠠᠳᠠᠨ᠎ᠠ ᠦᠵᠡᠰᠬᠦᠯᠡᠩ ᠦᠨ ᠬᠤᠭᠤᠴᠠᠭᠠᠨ ᠤ ᠬᠣᠶᠠᠷ ᠲᠣᠭᠯᠠᠯᠲᠠ ᠪᠡᠷ ᠥᠪᠥᠷ ᠮᠣᠩᠭᠣᠯ ᠤᠨ ᠬᠢᠨ ᠬᠥᠬᠡᠮᠡᠢ᠂ ᠮᠣᠷᠢᠨ ᠬᠣᠭᠣᠷ᠂ ᠮᠣᠩᠭᠣᠯ ᠪᠦᠵᠢᠭ ᠵᠡᠷᠭᠡ ᠤᠷᠠᠨ ᠰᠠᠶᠢᠬᠠᠨ ᠤ ᠲᠣᠭᠯᠠᠯᠲᠠ ᠭᠠᠷᠭᠠᠵᠤ ᠰᠣᠨᠢᠷᠬᠠᠭᠤᠯᠬᠤ ᠪᠣᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119491683