蒙古文网站Logo
ᠰᠢᠨᠬᠤᠸᠠ ᠮᠤᠩᠭ᠋ᠤᠯ ᠨᠧᠲ

36 ᠳ᠋ᠤᠭᠠᠷ ᠬᠤᠭᠤᠴᠠᠭᠠᠨ ᠤ ᠪᠡᠭᠡᠵᠢᠩ ᠤᠨ ᠨᠠᠭᠠᠳᠤᠮ

2016-09-15 16:12

    2016 ᠤᠨ ᠤ 10 ᠰᠠᠷ᠎ᠠ ᠶᠢᠨ 22 ᠤᠨ ᠡᠳᠤᠷ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ  ᠳᠤ 36 ᠳ᠋ᠤᠭᠠᠷ ᠬᠤᠭᠤᠴᠠᠭᠠᠨ ᠤ ᠪᠡᠭᠡᠵᠢᠩ ᠤᠨ ᠨᠠᠭᠠᠳᠤᠮ ᠪᠤᠯᠬᠤ ᠪᠡᠷ ᠪᠤᠢ᠃

    ᠬᠤᠳᠠ ᠶᠢᠨ ᠦᠨᠳᠦᠰᠦᠲᠡᠨ ᠤ ᠰᠤᠶᠤᠯ ᠤᠨ ᠬᠦᠭ᠍ᠵᠢᠯᠲᠡ ᠶᠢᠨ ᠱᠠᠭᠠᠷᠳᠠᠯᠭ᠎ᠠ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠪᠤᠯᠤᠨ ᠨᠡᠶᠢᠰᠯᠡᠯ ᠬᠤᠳᠠ ᠶᠢᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠵᠤᠷᠢᠯᠭ᠎ᠠ ᠪᠡᠷ 1981 ᠤᠨ ᠳᠤ ᠪᠡᠬᠡᠵᠢᠩ ᠳᠤ ᠪᠠᠶᠢᠭ᠎ᠠ ᠬᠡᠰᠡᠭ ᠮᠤᠩᠭ᠋ᠤᠯ ᠦᠨᠳᠦᠰᠦᠲᠡᠨ ᠤ ᠲᠠᠷᠤᠭ᠎ᠠ᠂ ᠪᠠᠭᠰᠢ᠂ ᠴᠡᠷᠢᠭ ᠨᠠᠷ ᠤᠨ ᠵᠤᠬᠢᠶᠠᠨ ᠪᠠᠶᠢᠭᠤᠯᠤᠭᠰᠠᠨ 《ᠪᠡᠭᠡᠵᠢᠩ ᠤᠨ ᠮᠤᠩᠭ᠋ᠤᠯ ᠦᠨᠳᠦᠰᠦᠲᠡᠨ ᠤ ᠨᠠᠭᠠᠳᠤᠮ》 ᠤᠳᠤ ᠪᠤᠯᠳᠠᠯ᠎ᠠ 35 ᠳ᠋ᠤᠭᠠᠷ ᠤᠳᠠᠭ᠎ᠠ ᠪᠡᠨ ᠠᠮᠵᠢᠯᠲᠠ ᠲᠠᠢ ᠬᠢᠯ᠎ᠠ᠃ ᠨᠠᠮ ᠪᠤᠯᠤᠨ ᠤᠯᠤᠰ ᠤᠨ ᠤᠳᠤᠷᠢᠳᠤᠯᠭ᠎ᠠ ᠤᠯᠠᠭᠠᠨᠬᠦᠦ᠂ ᠠᠷᠪᠠᠳᠤᠭᠠᠷ ᠲᠦᠷᠢ ᠶᠢᠨ ᠪᠠᠨᠴᠢᠨ᠂ ᠪᠦᠬᠡ᠂ ᠶᠠᠩ ᠵᠢᠩ ᠿᠧᠨ ᠪᠤᠯᠤᠨ ᠤᠯᠤᠰ ᠤᠨ ᠦᠨᠳᠦᠰᠦᠲᠡᠨ ᠤ ᠵᠦᠪᠯᠡᠯ᠂ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ᠂ ᠪᠡᠭᠡᠵᠢᠩ ᠬᠤᠳᠠ ᠶᠢᠨ ᠤᠳᠤᠷᠢᠳᠤᠯᠭ᠎ᠠ ᠨᠠᠷ ᠵᠢᠴᠢ ᠪᠡᠬᠡᠵᠢᠩ ᠤᠨ ᠬᠤᠯᠪᠤᠭᠳᠠᠯ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠤᠯᠠᠨ ᠤᠳᠠᠭ᠎ᠠ ᠪᠡᠬᠡᠵᠢᠩ ᠤᠨ ᠨᠠᠭᠠᠳᠤᠮ ᠳᠤ ᠤᠷᠤᠯᠴᠠᠵᠠᠢ᠃ ᠨᠠᠭᠠᠳᠤᠮ ᠳᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠬᠦᠳᠡᠯᠬᠡᠬᠡᠨ ᠪᠦᠬᠡ ᠪᠠᠷᠢᠯᠳᠤᠬᠤ᠂ ᠰᠤᠷ ᠬᠠᠷᠪᠤᠬᠤ᠂ ᠡᠯ᠎ᠡ ᠲᠦᠷᠦᠯ ᠤᠨ ᠪᠦᠮᠪᠦᠬᠡᠨ ᠤ ᠤᠷᠤᠯᠳᠤᠭᠠᠨ᠂ ᠤᠷᠠᠨ ᠰᠠᠶᠢᠬᠠᠨ ᠤ ᠲᠤᠭᠯᠠᠯᠠᠳᠠ᠂ ᠬᠡᠦᠬᠡᠳ ᠪᠠᠭᠠᠴᠤᠳ ᠤᠨ ᠮᠤᠩᠭ᠋ᠤᠯ ᠬᠡᠯᠡᠨ ᠤ ᠶᠠᠷᠢᠯᠴᠠᠭ᠎ᠠ ᠵᠡᠷᠬᠡ ᠤᠷᠤᠯᠳᠤᠭᠠᠨ ᠤ ᠲᠦᠷᠦᠯ ᠲᠤᠬᠢᠷᠠᠭᠤᠯᠵᠤ᠂ ᠬᠤᠳᠠ ᠶᠢᠨ ᠦᠨᠳᠦᠰᠦᠲᠡᠨ ᠤ ᠪᠠᠶᠠᠷ ᠤᠨ ᠡᠳᠤᠷ ᠤᠨ ᠨᠡᠷ᠎ᠡ ᠲᠡᠮᠳᠡᠭ ᠪᠤᠯᠤᠭᠰᠠᠨ ᠪᠠᠶᠢᠨ᠎ᠠ᠃

    ᠲᠤᠰ ᠤᠳᠠᠭᠠᠨ ᠤ ᠨᠠᠭᠠᠳᠤᠮ ᠢ ᠪᠡᠭᠡᠵᠢᠩ ᠤᠨ ᠨᠠᠭᠠᠳᠤᠮ ᠤᠨ ᠵᠤᠬᠢᠶᠠᠨ ᠪᠠᠶᠢᠭᠤᠯᠬᠤ ᠺᠤᠮᠢᠰ ᠡᠴᠡ ᠭᠤᠤᠯᠴᠢᠯᠠᠨ ᠡᠷᠬᠢᠯᠡᠵᠤ᠂ ᠪᠡᠭᠡᠵᠢᠩ ᠳ᠋ᠡᠬᠢ ᠲᠦᠩᠯᠢᠶᠤᠤ ᠶᠢᠨ ᠠᠷᠠᠯᠵᠢᠶᠠᠴᠢᠳ ᠤᠨ ᠡᠪᠯᠡᠯ ᠪᠤᠯᠤᠨ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠮᠤᠩᠭ᠋ᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠡᠴᠡ ᠲᠠᠭᠠᠭᠠᠴᠢᠯᠠᠨ ᠡᠷᠬᠢᠯᠡᠨ᠎ᠠ᠃

ᠢᠷᠡᠯᠳᠡ᠄ ᠪᠡᠭᠡᠵᠢᠩ ᠤᠨ ᠨᠠᠭᠠᠳᠤᠮ ᠤᠨ ᠬᠤᠷᠠᠯ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119569358