蒙古文网站Logo
ᠰᠢᠨᠬᠤᠸᠠ ᠮᠤᠩᠭ᠋ᠤᠯ ᠨᠧᠲ

ᠪᠢᠳᠡᠬᠦᠨ ᠤ ᠭᠠᠯᠳᠤ ᠲᠡᠷᠭᠡᠨ ᠳᠠᠰᠤᠯᠪᠤᠷᠢ ᠶᠢ 29 ᠤ ᠡᠳᠤᠷ ᠡᠴᠡ ᠡᠬᠢᠯᠡᠵᠤ ᠬᠤᠳᠠᠯᠳᠤᠨ᠎ᠠ

2016-12-06 13:25

    2017 ᠤᠨ ᠤ ᠴᠠᠭᠠᠨ ᠰᠠᠷ᠎ᠠ ᠵᠢᠨ ᠲᠡᠭᠡᠭᠡᠪᠤᠷᠢ ᠢᠷᠡᠬᠦ ᠰᠠᠷ᠎ᠠ ᠵᠢᠨ 13 ᠤ ᠡᠳᠤᠷ ᠡᠴᠡ 2 ᠰᠠᠷ᠎ᠠ ᠵᠢᠨ 21 ᠤ ᠡᠳᠤᠷ ᠪᠤᠯᠳᠠᠯ᠎ᠠ ᠨᠡᠢᠲᠡ 40 ᠡᠳᠤᠷ ᠦᠷᠬᠦᠯᠵᠢᠯᠡᠨ᠎ᠡ᠃ ᠤᠳᠤ ᠵᠢᠨ ᠬᠡᠷᠡᠭᠵᠢᠬᠦᠯᠵᠤ ᠪᠠᠶᠢᠭ᠎ᠠ 30 ᠡᠳᠤᠷ ᠤᠨ ᠡᠮᠦᠨ᠎ᠡ ᠡᠴᠡ ᠳᠠᠰᠤᠯᠪᠤᠷᠢ ᠵᠠᠬᠢᠶᠠᠯᠠᠬᠤ ᠳᠦᠷᠢᠮ ᠢᠶᠡᠷ ᠪᠤᠳᠤᠪᠠᠯ᠂ ᠪᠢᠳᠡᠬᠦᠨ ᠤ ᠡᠳᠤᠷ ᠪᠤᠶᠤ 2017 ᠤᠨ ᠤ 1 ᠰᠠᠷ᠎ᠠ ᠵᠢᠨ 27 ᠤ ᠡᠳᠤᠷ ᠤᠨ ᠳᠠᠰᠤᠯᠪᠤᠷᠢ ᠶᠢ 2016 ᠤᠨ ᠤ 12 ᠰᠠᠷ᠎ᠠ ᠵᠢᠨ 29 ᠤ ᠡᠳᠤᠷ ᠡᠴᠡ ᠡᠬᠢᠯᠡᠵᠤ ᠬᠤᠳᠠᠯᠳᠤᠨ᠎ᠠ᠃ ᠬᠡᠪᠡᠴᠤ ᠤᠯᠤᠰ ᠲᠠᠶᠠᠭᠠᠷ ᠤᠨ ᠲᠡᠮᠦᠷ ᠵᠠᠮ ᠤᠨ ᠬᠢᠨ 2017 ᠤᠨ ᠤ 1 ᠰᠠᠷ᠎ᠠ ᠵᠢᠨ 5 ᠤ ᠡᠳᠤᠷ ᠡᠴᠡ ᠡᠬᠢᠯᠡᠨ ᠵᠠᠮ ᠱᠤᠭᠤᠮ ᠳ᠋ᠠᠭᠠᠨ ᠲᠤᠬᠢᠷᠠᠭᠤᠯᠤᠯᠲᠠ ᠬᠢᠬᠦ ᠪᠤᠯᠬᠤᠷ ᠤᠷᠢᠳᠴᠢᠯᠠᠨ ᠳᠠᠰᠤᠯᠪᠤᠷᠢ ᠵᠠᠬᠢᠶᠠᠯᠠᠬᠤ ᠬᠤᠭᠤᠴᠠᠭ᠎ᠠ ᠵᠢ 60 ᠡᠳᠤᠷ ᠪᠤᠯᠭᠠᠨ ᠰᠡᠷᠭᠦᠭᠡᠬᠦ ᠪᠤᠶᠤ ᠦᠬᠡᠷ᠎ᠡ ᠲᠤᠬᠢᠷᠠᠭᠤᠯᠤᠯᠲᠠ ᠬᠢᠬᠦ ᠡᠰᠡᠬᠦ ᠲᠤᠬᠠᠢ ᠤᠳᠤᠬᠠᠨ ᠳ᠋ᠤ ᠲᠡᠮᠦᠷ ᠵᠠᠮ ᠤᠨ ᠪᠠᠶᠢᠭᠤᠯᠤᠯᠭ᠎ᠠ ᠶᠢᠨ ᠬᠢᠨ ᠮᠡᠳᠡᠭᠡ ᠨᠡᠢᠲᠡᠯᠡᠭᠡᠳᠤᠢ ᠪᠠᠶᠢᠨ᠎ᠠ᠃

    2017 ᠤᠨ ᠤ ᠴᠠᠭᠠᠨ ᠰᠠᠷ᠎ᠠ ᠵᠢᠨ ᠲᠡᠭᠡᠭᠡᠪᠤᠷᠢ ᠨᠢ 1 ᠰᠠᠷ᠎ᠠ ᠵᠢᠨ 13 ᠤ ᠡᠳᠤᠷ ᠡᠴᠡ ᠡᠬᠢᠯᠡᠨ᠎ᠡ᠃ ᠠᠩᠬ᠎ᠠ ᠠᠯᠬᠤᠮ ᠤᠨ ᠵᠢᠱᠢᠯᠲᠡ ᠪᠡᠷ 2017 ᠤᠨ ᠤ ᠴᠠᠭᠠᠨ ᠰᠠᠷ᠎ᠠ ᠵᠢᠨ ᠲᠡᠭᠡᠭᠡᠪᠤᠷᠢ ᠵᠢᠨ ᠬᠡᠷᠡᠭᠴᠡᠭᠡ ᠮᠦᠨ ᠪᠠᠭ᠎ᠠ ᠬᠡᠮᠵᠢᠶ᠎ᠡ ᠪᠡᠷ ᠨᠡᠮᠡᠭᠳᠡᠵᠤ᠂ ᠤᠯᠤᠰ ᠲᠠᠶᠠᠭᠠᠷ ᠤᠨ ᠴᠠᠭᠠᠨ ᠰᠠᠷ᠎ᠠ ᠵᠢᠨ ᠲᠡᠭᠡᠭᠡᠪᠤᠷᠢ ᠵᠢᠨ ᠬᠤᠭᠤᠴᠠᠭᠠᠨ ᠳ᠋ᠡᠬᠢ ᠵᠤᠷᠴᠢᠭᠴᠢᠳ ᠳᠠᠪᠬᠤᠷᠳᠠᠭᠰᠠᠨ ᠲᠤᠭ᠎ᠠ ᠪᠡᠷ 29.78 ᠳ᠋ᠦᠩᠰᠢᠭᠤᠷ ᠬᠦᠷᠴᠦ᠂ ᠡᠨᠡ ᠵᠢᠯ ᠤᠨ ᠬᠢ ᠲᠠᠢ ᠬᠠᠷᠢᠴᠠᠭᠤᠯᠪᠠᠯ 2.2% ‍ᠢᠶ᠋ᠡᠷ ᠨᠡᠮᠡᠭᠳᠡᠵᠤ ᠮᠡᠳᠡᠨ᠎ᠡ᠃ ᠡᠬᠦᠨ ᠳ᠋ᠤ ᠲᠡᠮᠦᠷ ᠵᠠᠮ ᠤᠨ ᠲᠡᠭᠡᠭᠡᠪᠤᠷᠢ ᠵᠢᠨ ᠬᠢ ᠳᠠᠪᠬᠤᠷᠳᠠᠭᠰᠠᠨ ᠳᠤᠭ᠎ᠠ ᠪᠡᠷ 3.56 ᠳ᠋ᠦᠩᠰᠢᠭᠤᠷ ᠪᠠᠶᠢᠵᠤ᠂ 9.7% ᠪᠡᠷ ᠨᠡᠮᠡᠭᠳᠡᠨ᠎ᠡ︔ ᠢᠷᠬᠡᠨ ᠤ ᠠᠭᠠᠷ ᠠᠶᠠᠯᠠᠯ ᠤᠨ ᠬᠢ ᠳᠠᠪᠬᠤᠷᠳᠠᠭᠰᠠᠨ ᠳᠤᠭ᠎ᠠ ᠪᠡᠷ 5830 ᠲᠦᠮᠡᠨ ᠪᠠᠶᠢᠵᠤ 10% ᠪᠡᠷ ᠨᠡᠮᠡᠭᠳᠡᠨ᠎ᠡ᠃

ᠢᠷᠡᠯᠳᠡ᠄ ᠪᠡᠭᠡᠵᠢᠩ ᠤᠨ ᠦᠷᠯᠦᠭᠡ ᠵᠢᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120063450