蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋᠋ᠤᠯ ᠢᠷᠡᠬᠦ ᠭᠤᠷᠪᠠᠨ ᠬᠤᠨᠤᠭ ᠦᠷᠬᠦᠯᠵᠢᠯᠡᠨ ᠬᠦᠢᠲᠡᠷᠡᠨ᠎ᠠ

2017-01-17 19:32

    1 ᠰᠠᠷ᠎ᠠ ᠶᠢᠨ 17 ᠤ ᠡᠳᠦᠷ ᠡᠴᠡ ᠡᠬᠢᠯᠡᠨ ᠦᠪᠦᠷ ᠮᠣᠩᠭᠣᠯ ᠤᠨ ᠶᠡᠬᠡᠩᠬᠢ ᠪᠦᠰᠡ ᠨᠤᠲᠤᠭ ᠲᠤ ᠠᠭᠠᠷ ᠤᠨ ᠲᠤᠯᠠᠭᠠᠨ ᠨᠠᠶᠢᠳᠠᠮ ᠳᠤ ᠪᠡᠨ 4-6 ᠭᠷᠠᠳ᠋ᠦ᠋ᠰ ᠲᠤᠷᠤᠭᠰᠢᠯᠠᠨ᠎ᠠ᠃ ᠤᠷᠢᠳᠴᠢᠯᠠᠨ ᠲᠤᠭᠠᠴᠠᠭᠠᠯᠠᠭᠰᠠᠨ ᠢᠶᠡᠷ ᠢᠷᠡᠬᠦ ᠭᠤᠷᠪᠠᠨ ᠬᠤᠨᠤᠭ ᠲᠤ ᠪᠤᠭᠤᠲᠤ ᠶᠢᠨ ᠵᠡᠭᠦᠨ ᠪᠦᠰᠡ᠂ ᠤᠯᠠᠭᠠᠨᠴᠠᠪ ᠤᠨ ᠬᠤᠶᠢᠳᠤ ᠪᠤᠯᠤᠨ ᠳᠤᠮᠳᠠ ᠪᠦᠰᠡ᠂ ᠰᠢᠯᠢ ᠶᠢᠨ ᠭᠤᠤᠯ ᠠᠶᠢᠮᠠᠭ᠂ ᠤᠯᠠᠭᠠᠨᠬᠠᠲᠠ ᠶᠢᠨ ᠪᠠᠷᠠᠭᠤᠨ ᠪᠦᠰᠡ᠂ ᠬᠢᠩᠭ᠋᠋ᠠᠨ ᠠᠶᠢᠮᠠᠭ ᠤᠨ ᠬᠤᠶᠢᠳᠤ ᠪᠦᠰᠡ᠂ ᠬᠦᠯᠦᠨ ᠪᠤᠶᠢᠷ ᠤᠨ ᠪᠠᠷᠠᠭᠤᠨ ᠪᠦᠰᠡ ᠨᠤᠳᠤᠭ ᠲᠤ ᠪᠠᠭ᠎ᠠ ᠴᠠᠰᠤ ᠲᠠᠢ᠂ ᠪᠤᠰᠤᠳ ᠭᠠᠵᠠᠷ ᠲᠤ ᠲᠤᠩᠭ᠋᠋ᠠᠯᠠᠭ ᠬᠡᠰᠡᠭ ᠲᠦ ᠪᠡᠨ ᠡᠭᠦᠯᠡ ᠲᠠᠢ᠃ ᠳᠤᠮᠳᠠ ᠪᠠᠷᠠᠭᠤᠨ ᠪᠦᠰᠡ ᠨᠤᠳᠤᠭ ᠢᠶᠡᠷ ᠪᠠᠷᠠᠭᠤᠨ ᠬᠤᠶᠢᠨ᠎ᠠ ᠡᠴᠡ 4 – 5 ᠲᠡᠰ ᠢᠶᠡᠷ ᠰᠠᠯᠬᠢᠯᠠᠵᠤ ᠪᠠᠶᠢᠭᠰᠠᠨ ᠢᠶᠡᠨ ᠲᠦᠷ ᠵᠠᠭᠤᠷ᠎ᠠ 5 - 6 ᠳᠡᠰ ᠢᠢᠡᠷ ᠰᠠᠯᠬᠢᠯᠠᠨ᠎ᠠ᠂ ᠪᠤᠰᠤᠳ ᠪᠦᠰᠡ ᠨᠤᠲᠤᠭ ᠲᠤ ᠪᠠᠷᠠᠭᠤᠨ ᠡᠴᠡ 3-4 ᠲᠡᠰ ᠤᠨ ᠰᠠᠯᠬᠢ ᠲᠠᠢ᠃ ᠪᠠᠷᠠᠭᠤᠨ ᠳᠤᠮᠳᠠ ᠪᠦᠰᠡ ᠨᠤᠲᠤᠭ ᠲᠤ ᠠᠭᠠᠷ ᠤᠨ ᠲᠤᠯᠠᠭᠠᠨ 6-8 ᠭᠷᠠᠳ᠋ᠦ᠋ᠰ ᠳᠤᠷᠤᠭᠰᠢᠯᠠᠨ᠎ᠠ᠃

    ᠤᠷᠢᠳᠴᠢᠯᠠᠨ ᠲᠤᠭᠠᠴᠠᠭᠠᠯᠠᠭᠰᠠᠨ ᠢᠶᠡᠷ᠂ ᠢᠷᠡᠬᠦ ᠬᠡᠳᠤᠨ ᠬᠤᠨᠤᠭ ᠲᠤ ᠥᠪᠦᠷ ᠮᠣᠩᠭᠤᠯ ᠳᠤ ᠬᠦᠢᠲᠠᠨ ᠴᠠᠭ ᠠᠭᠠᠷ ᠦᠷᠬᠦᠯᠵᠢᠯᠡᠵᠤ ᠠᠭᠠᠷ ᠤᠨ ᠳᠤᠯᠠᠭᠠᠨ ᠴᠤᠴᠢᠮᠠᠬ ᠪᠠᠭᠤᠷᠠᠨ᠎ᠠ᠃ ᠡᠬᠦᠨ ᠤ ᠳᠠᠭᠠᠤ ᠴᠠᠰᠤ ᠪᠤᠷᠤᠭᠠᠨ᠂ ᠬᠦᠢᠲᠠᠨ ᠤᠷᠤᠰᠬᠠᠯ᠂ ᠶᠡᠬᠡ ᠰᠠᠯᠬᠢ ᠵᠡᠷᠭᠡ ᠴᠠᠭ ᠠᠭᠠᠷ ᠢᠯᠡᠷᠡᠵᠤ ᠮᠠᠯᠵᠢᠬᠤ ᠦᠢᠯᠡᠳᠪᠦᠷᠢᠯᠡᠯ ᠢ ᠨᠦᠯᠤᠬᠡᠯᠡᠬᠦ ᠪᠤᠯᠤᠨ᠎ᠠ᠃ ᠮᠠᠯᠴᠢᠳ ᠪᠡᠯᠡᠳᠬᠡᠯ ᠠᠵᠢᠯ ᠢᠶᠡᠨ ᠰᠠᠶᠢᠨ ᠬᠢᠬᠦ ᠶᠢᠨ ᠲᠠᠭᠠᠤ ᠭᠠᠷᠴᠤ ᠤᠷᠤᠬᠤ ᠳᠤ ᠪᠠᠨ ᠬᠤᠪᠴᠠᠰᠤ ᠬᠤᠨᠠᠷ ᠢᠶᠡᠨ ᠵᠤᠵᠠᠭᠠᠯᠠᠵᠤ ᠬᠢᠮᠤᠷᠠᠭ᠎ᠠ ᠲᠠᠭᠰᠢᠭᠤᠷ ᠡᠴᠡ ᠰᠡᠷᠬᠡᠶᠢᠯᠡᠬᠦ ᠶᠢ ᠴᠠᠭ ᠠᠭᠤᠷ ᠤᠨ ᠲᠤᠰᠬᠠᠢ ᠮᠡᠷᠭᠡᠵᠢᠯᠳᠡᠳ ᠰᠠᠨᠠᠭᠤᠯᠵᠤ ᠪᠠᠶᠢᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120330849