蒙古文网站Logo
ᠰᠢᠨᠬᠤᠸᠠ ᠮᠤᠩᠭ᠋ᠤᠯ ᠨᠧᠲ

6 ᠤ ᠡᠳᠦᠷ ᠡᠴᠡ ᠡᠬᠢᠯᠠᠨ ᠥᠪᠦᠷ ᠮᠣᠩᠭ᠋ᠤᠯ ᠳᠤ ᠶᠡᠬᠡ ᠬᠡᠪᠴᠢᠶ᠎ᠠ ᠪᠡᠷ ᠴᠠᠰᠤ ᠤᠷᠤᠨ᠎ᠠ

2017-02-06 11:09

    ᠰᠡᠬᠦᠯ ᠤᠨ ᠡᠳᠦᠷ ᠤᠳ ᠲᠤ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠤᠯᠠᠩᠬᠢ ᠪᠦᠰᠡ ᠨᠤᠲᠤᠭ ᠲᠤᠩᠭ᠋ᠠᠯᠠᠭ ᠠᠭᠤᠷ ᠠᠮᠢᠰᠬᠤᠯ ᠢᠶᠡᠷ ᠭᠤᠤᠯᠯᠠᠵᠤ ᠴᠠᠭ ᠠᠭᠠᠷ ᠲᠤᠯᠠᠭᠠᠷᠠᠪᠠ᠃ ᠭᠡᠪᠡᠴᠤ ᠨᠢᠬᠡ ᠬᠡᠰᠡᠭ ᠬᠦᠢᠲᠠᠨ ᠤᠷᠤᠰᠬᠠᠯ ᠢᠷᠡᠬᠦ ᠶᠢ ᠳᠠᠭᠠᠯᠲᠤᠨ᠂ 6 ᠤ ᠡᠳᠦᠷ ᠡᠴᠡ ᠡᠬᠢᠯᠡᠨ ᠥᠪᠦᠷ ᠮᠣᠩᠭ᠋ᠤᠯ  ᠳᠤ ᠶᠡᠬᠡ ᠬᠡᠪᠴᠢᠶ᠎ᠠ ᠪᠡᠷ ᠴᠠᠰᠤ ᠤᠷᠤᠵᠤ᠂ ᠬᠡᠰᠡᠭ ᠪᠦᠰᠡ ᠨᠤᠲᠤᠭ ᠢᠶᠡᠷ ᠴᠠᠰᠤᠨ ᠤ ᠬᠡᠮᠵᠢᠶ᠎ᠠ ᠨᠠᠯᠢᠶᠠᠳ ᠶᠡᠬᠡ᠃

    ᠤᠷᠢᠳᠴᠢᠯᠠᠨ ᠲᠤᠭᠠᠴᠠᠭᠠᠯᠠᠬᠰᠠᠨ ᠢᠶᠡᠷ᠂ ᠴᠠᠰᠤ ᠪᠤᠷᠤᠭᠠᠨ ᠪᠠ ᠬᠦᠢᠲᠠᠨ ᠤᠷᠤᠰᠬᠠᠯ ᠤᠨ ᠬᠠᠮᠲᠤ ᠶᠢᠨ ᠨᠦᠯᠦᠬᠡ ᠲᠤᠤᠷ᠎ᠠ 2 ᠰᠠᠷ᠎ᠠ ᠶᠢᠨ 7 ᠤ ᠡᠳᠦᠷ ᠤᠨ ᠥᠷᠯᠦᠬᠡ ᠡᠴᠡ ᠡᠬᠢᠯᠡᠨ ᠥᠪᠦᠷ ᠮᠣᠩᠭ᠋ᠤᠯ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠳᠤᠯᠠᠭᠠᠨ 4 - 6 ᠭᠷᠠᠳᠦ᠋ᠰ ᠲᠤᠷᠤᠬᠰᠢᠯᠠᠵᠤ᠂ ᠬᠡᠰᠡᠭ ᠪᠦᠰᠡ ᠨᠤᠲᠤᠭ ᠢᠶᠡᠷ 6 ᠭᠷᠠᠳᠦ᠋ᠰ ᠡᠴᠡ ᠳᠡᠭᠡᠭ᠍ᠰᠢ ᠳᠤᠷᠤᠭᠰᠢᠯᠠᠨ᠎ᠠ᠃ ᠲᠤᠰ ᠤᠳᠠᠭᠠᠨ ᠤ ᠬᠦᠢᠲᠠᠨ ᠤᠷᠤᠰᠬᠠᠯ ᠤᠨ ᠨᠦᠯᠦᠬᠡᠯᠡᠬᠦ ᠬᠡᠪᠴᠢᠶ᠎ᠠ ᠨᠡᠯᠢᠶᠠᠳ ᠶᠡᠬᠡ᠂ ᠬᠦᠯᠦᠨ ᠪᠦᠢᠷ ᠬᠤᠲᠠ ᠶᠢᠨ ᠬᠤᠶᠢᠲᠤ ᠬᠡᠰᠡᠭ  ᠤᠨ ᠬᠠᠮᠤᠭ ᠤᠨ ᠳᠤᠤᠷ᠎ᠠ ᠠᠭᠠᠷ ᠤᠨ ᠳᠤᠯᠠᠭᠠᠨ ᠳᠡᠭ ᠡᠴᠡ ᠳᠤᠷᠤᠭᠰᠢ 30 ᠭᠷᠠᠳᠦ᠋ᠰ ᠢ ᠳᠠᠪᠠᠨ᠎ᠠ᠃ 

ᠢᠷᠡᠯᠳᠡ᠄ ᠡᠳᠦᠷ ᠤᠨ ᠰᠣᠨᠢᠨ ᠤ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120417348