蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠤᠭᠰᠠᠨ ᠠᠮᠵᠢᠯᠳᠠ ᠪᠦᠲᠦᠮᠵᠢ ᠶᠢᠨ ᠦᠵᠡᠰᠬᠦᠯᠡᠩ ᠳᠤ ᠪᠦᠲᠦᠬᠡᠯ ᠡᠯᠰᠡᠬᠦ ᠮᠡᠳᠡᠭᠳᠡᠯ

2017-02-20 16:27

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠤᠨ ᠡᠨᠡ ᠵᠢᠯ ᠤᠨ 8 ᠰᠠᠷ᠎ᠠ ᠳᠤ ᠵᠤᠬᠢᠶᠠᠨ ᠪᠠᠶᠢᠭᠤᠯᠬᠤ ᠪᠡᠷ ᠪᠠᠶᠢᠭ᠎ᠠ ᠠᠮᠵᠢᠯᠳᠠ ᠪᠦᠲᠦᠮᠵᠢ ᠶᠢᠨ ᠦᠵᠡᠰᠬᠦᠯᠡᠩ ᠳᠤ ᠤᠳᠤ ᠪᠡᠷ ᠪᠦᠳᠦᠬᠡᠯ ᠡᠯᠰᠡᠵᠤ ᠪᠤᠢ᠃

    ᠨᠢᠬᠡ᠂ ᠡᠯᠰᠡᠬᠦ ᠠᠭᠤᠯᠭ᠎ᠠ

    1. ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠲᠤᠷᠰᠢᠬᠢ ᠪᠦᠬᠦ ᠲᠠᠯ᠎ᠠ ᠶᠢᠨ ᠬᠦᠭ᠍ᠵᠢᠯᠳᠡ ᠶᠢ ᠬᠠᠷᠠᠭᠤᠯᠤᠭᠰᠠᠨ ᠵᠢᠷᠤᠭ

    2. ᠬᠤᠳᠠ ᠪᠤᠯᠤᠨ ᠬᠦᠳᠡᠬᠡ ᠤᠷᠤᠨ ᠨᠤᠳᠤᠭ ᠤᠨ ᠳᠡᠳ᠋ ᠪᠦᠳᠦᠴᠡ ᠶᠢᠨ ᠪᠠᠶᠢᠭᠤᠯᠤᠯᠳᠠ᠂ ᠪᠠᠶᠢᠭᠠᠯᠢ ᠶᠢᠨ ᠦᠵᠡᠮᠵᠢ᠂ ᠤᠶᠤᠨ ᠤ ᠳᠦᠷᠢ ᠲᠦᠷᠬᠦ᠂ ᠢᠷᠭᠡᠳ ᠤᠨ ᠠᠮᠢᠳᠤᠷᠠᠯ ᠠᠬᠤᠢ ᠶᠢᠨ ᠬᠤᠪᠢᠷᠠᠯ ᠬᠦᠭᠵᠢᠯ ᠢ ᠬᠠᠷᠢᠴᠠᠭᠤᠯᠤᠭᠰᠠᠨ ᠵᠢᠷᠤᠭ

    3. ᠦᠪᠡᠷᠳᠡᠬᠡᠨ ᠵᠠᠰᠠᠬᠤ ᠤᠷᠤᠨ ᠤ ᠬᠦᠭ᠍ᠵᠢᠯᠳᠡ ᠶᠢᠨ ᠶᠠᠪᠤᠴᠠ ᠳ᠋ᠡᠬᠢ ᠲᠡᠦᠬᠡᠨ ᠮᠠᠲ᠋ᠧᠷᠢᠶᠠᠯ᠂ ᠰᠤᠷᠪᠤᠯᠵᠢ ᠪᠢᠴᠢᠭ᠌᠌᠂ ᠠᠯᠪᠠᠨ ᠪᠢᠴᠢᠭ᠌᠌᠂ᠪᠦᠬᠦ ᠲᠦᠷᠦᠯ ᠤᠨ ᠪᠠᠷᠢᠮᠳᠠ᠂ ᠲᠠᠰᠤᠯᠪᠤᠷᠢ᠂ ᠲᠡᠦᠬᠡᠨ ᠦᠨ᠎ᠡ ᠦᠷᠳᠡᠭ ᠲᠠᠢ ᠬᠡᠷᠡᠴᠢᠯᠡᠬᠡ ᠨᠤᠬᠦᠳ᠂ᠳᠠᠷᠤᠢ ᠬᠡᠷᠯᠡᠯᠳᠡ ᠶᠢᠨ ᠬᠡᠷᠡᠴᠢᠯᠡᠬᠡ᠂ ᠭᠠᠵᠠᠷ ᠰᠢᠷᠤᠢ ᠶᠢᠨ ᠬᠡᠷᠡᠴᠢᠯᠡᠬᠡ᠂ ᠤᠷᠤᠨ ᠰᠠᠭᠤᠴᠠ ᠶᠢᠨ ᠬᠡᠷᠡᠴᠢᠯᠡᠬᠡ᠂ ᠬᠡᠷ ᠤᠨ ᠴᠠᠳᠢᠭ᠂ ᠪᠢᠽᠨ᠋᠋ᠧᠰ ᠤᠨ ᠬᠡᠷᠡᠴᠢᠯᠡᠬᠡ

    4. ᠢᠷᠬᠡᠳ ᠤᠨ ᠠᠮᠢᠳᠤᠷᠠᠯ ᠢ ᠬᠡᠷᠡᠴᠢᠯᠡᠬᠦ ᠬᠠᠭᠤᠴᠢ ᠪᠤᠳᠠᠰ ᠵᠢᠱᠢᠶᠡᠯᠡᠪᠡᠯ᠂ ᠡᠳᠤᠷ ᠲᠤᠳᠤᠮ ᠤᠨ ᠬᠡᠷᠡᠭᠯᠡᠬᠡᠨ ᠤ ᠵᠦᠢᠯ᠂ ᠬᠡᠷ ᠤᠨ ᠵᠠᠰᠠᠯ ᠲᠠᠪᠢᠯᠭ᠎ᠠ᠂ ᠦᠢᠯᠡᠳᠪᠦᠷᠢᠯᠡᠯ ᠤᠨ ᠬᠡᠷᠡᠭᠰᠡᠯ᠂ ᠦᠨᠳᠦᠰᠦᠳᠡᠨ ᠤ ᠰᠤᠶᠤᠯ ᠪᠠ ᠬᠡᠪ ᠨᠠᠮᠪᠠ ᠶᠢ ᠢᠯᠡᠷᠡᠬᠦᠯᠦᠭᠰᠡᠨ ᠪᠤᠳᠠᠰ

    ᠬᠤᠶᠠᠷ᠂ ᠪᠦᠲᠦᠬᠡᠯ ᠡᠯᠰᠡᠬᠦ ᠱᠠᠭᠠᠷᠳᠠᠯᠭ᠎ᠠ

    1. ᠤᠷᠤᠯᠴᠠᠭᠰᠠᠳ ᠵᠢᠷᠤᠭ ᠤᠨ ᠢᠶᠡᠨ ᠦᠩᠬᠡ ᠪᠤᠳᠤᠭ ᠢ ᠵᠤᠬᠢᠬᠤ ᠬᠡᠮᠵᠢᠶ᠎ᠡ ᠪᠡᠷ ᠵᠠᠰᠠᠬᠤ ᠪᠤᠶᠤ ᠬᠠᠶᠢᠴᠢᠯᠠᠵᠤ ᠪᠤᠯᠬᠤ ᠡᠴᠡ ᠪᠢᠰᠢ ᠺᠤᠮᠫᠢᠦ᠋ᠲ᠋ᠷ ᠤᠨ ᠲᠧᠭᠨᠤᠯᠤᠬᠢ ᠶᠢ ᠠᠰᠢᠭᠯᠠᠨ ᠨᠠᠶᠢᠯᠡᠬᠦᠯᠬᠦ᠂ ᠨᠡᠮᠡᠬᠦ᠂ ᠦᠩᠬᠡ ᠪᠤᠳᠤᠭ ᠢ ᠶᠡᠬᠡ ᠪᠡᠷ ᠵᠠᠰᠠᠬᠤ ᠵᠡᠷᠬᠡ ᠪᠡᠷ ᠳᠠᠬᠢᠨ ᠨᠠᠶᠢᠷᠠᠭᠤᠯᠵᠤ ᠪᠤᠯᠬᠤ ᠦᠬᠡᠢ᠂ ᠵᠢᠷᠤᠭ ᠤᠨ ᠶᠡᠬᠡ ᠪᠠᠭ᠎ᠠ ᠨᠢ 5MB ᠡᠴᠡ ᠲᠡᠭᠡᠭ᠍ᠰᠢ ᠪᠠᠶᠢᠬᠤ ᠬᠡᠷᠡᠭᠲᠡᠢ᠃

    2.ᠤᠷᠤᠯᠴᠠᠭᠴᠢ ᠡᠷᠬᠡᠪᠰᠢ ᠬᠡᠪᠯᠡᠯ ᠤᠨ ᠡᠷᠬᠡ ᠲᠠᠢ ᠪᠦᠲᠦᠬᠡᠯ ᠢᠶᠡᠨ ᠳᠡᠪᠰᠢᠬᠦᠯᠦᠭᠰᠡᠨ ᠪᠠᠶᠢᠬᠤ ᠬᠡᠷᠡᠭᠲᠡᠢ᠃

    3.ᠲᠡᠦᠬᠡᠨ ᠮᠠᠲ᠋ᠧᠷᠢᠶᠡᠯ ᠤᠨ ᠢᠶᠡᠨ ᠦᠨᠡ ᠨᠪᠤᠳᠠᠳᠠᠢ ᠶᠢ ᠪᠠᠳᠤᠯᠠᠬᠤ ᠶᠢᠨ ᠵᠡᠷᠬᠡᠴᠡᠬᠡ ᠢᠷᠡᠯᠳᠡ ᠶᠢ ᠳᠤᠳᠤᠷᠬᠠᠶᠢᠯᠠᠬᠤ ᠬᠡᠷᠡᠭᠲᠡᠢ᠂ ᠬᠠᠭᠤᠴᠢ ᠪᠤᠳᠠᠰ ᠢ ᠦᠪᠯᠡᠭᠰᠡᠨ ᠦᠯᠢᠭᠡᠷ ᠢᠶᠡᠨ ᠶᠠᠷᠢᠵᠤ ᠳᠤᠳᠤᠷᠬᠠᠶᠢᠯᠠᠬᠤ ᠬᠡᠷᠡᠭᠲᠡᠢ ᠮᠦᠷᠳᠡᠬᠡᠨ ᠪᠦᠳᠦᠬᠡᠯ ᠨᠢ ᠲᠦᠯᠦᠬᠡᠯᠡᠬᠦ ᠴᠢᠨᠠᠷᠲᠠᠢ ᠪᠠᠶᠢᠬᠤ ᠬᠡᠷᠡᠭᠲᠡᠢ᠃

    ᠭᠤᠷᠪᠠ᠂ ᠡᠯᠰᠡᠬᠦ ᠠᠷᠭ᠎ᠠ

    1. ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠤᠭᠰᠠᠨ ᠠᠮᠵᠢᠯᠳᠡ ᠪᠦᠲᠦᠮᠵᠢ ᠶᠢᠨ ᠦᠵᠡᠰᠬᠦᠯᠡᠩ ᠨᠢ ᠨᠡᠶᠢᠳᠡ ᠶᠢᠨ ᠬᠠᠯᠠᠮᠵᠢ ᠶᠢᠨ ᠰᠢᠨᠵᠢᠳᠡᠢ ᠪᠤᠯᠬᠤᠷ ᠪᠦᠳᠦᠬᠡᠯ ᠤᠳ ᠨᠢ ᠬᠠᠨᠳᠢᠪᠯᠠᠭᠰᠠᠨ ᠪᠤᠶᠤ ᠵᠢᠬᠡᠯᠡᠬᠦᠯᠦᠭᠰᠡᠨ ᠪᠠᠶᠢᠬᠤ ᠬᠡᠷᠡᠭᠳᠡᠢ᠂ ᠬᠡᠬᠦ ᠳ᠋ᠡᠬᠡᠨ ᠵᠤᠬᠢᠬᠤ ᠬᠡᠮᠵᠢᠶᠡᠨ ᠤ ᠱᠠᠩᠨᠠᠯ ᠤᠷᠮᠠᠰᠢᠭᠤᠯᠤᠯ ᠬᠦᠷᠳᠡᠬᠦ ᠪᠤᠯᠤᠮᠵᠢ ᠲᠠᠢ᠃

    2. ᠵᠢᠷᠤᠭ ᠤᠨ ᠪᠦᠳᠦᠬᠡᠯ ᠢᠶᠡᠷ ᠤᠷᠤᠯᠴᠠᠭᠰᠠᠳ ᠵᠢᠷᠤᠭ ᠤᠨ ᠳᠠᠶᠢᠯᠪᠤᠷᠢ᠂ ᠵᠢᠷᠤᠭ ᠠᠪᠤᠭᠰᠠᠨ ᠭᠠᠵᠠᠷ᠂ ᠴᠠᠭ᠂ ᠵᠤᠬᠢᠶᠠᠭᠴᠢ᠂ ᠬᠤᠯᠪᠤᠭ᠎ᠠ ᠪᠠᠷᠢᠬᠤ ᠤᠳᠠᠰᠤ ᠪᠠᠨ ᠬᠠᠩᠭᠠᠵᠤ᠂ ᠳᠡᠤᠬᠡᠨ ᠮᠠᠲ᠋ᠧᠷᠢᠶᠠᠯ᠂ ᠬᠠᠭᠤᠴᠢ ᠪᠤᠳᠠᠰ ᠢᠶᠡᠨ ᠳᠡᠪᠰᠢᠬᠦᠯᠦᠭᠰᠡᠳ ᠨᠢ ᠪᠦᠳᠦᠬᠡᠯ ᠤᠨ ᠢᠶᠡᠨ ᠵᠢᠷᠤᠭ᠂ ᠬᠤᠯᠪᠤᠭᠳᠠᠬᠤ ᠲᠠᠶᠢᠯᠪᠤᠷᠢ᠂ ᠬᠤᠯᠪᠤᠭ᠎ᠠ ᠪᠠᠷᠢᠬᠤ ᠤᠳᠠᠰᠤ ᠪᠠᠨ ᠬᠠᠩᠭᠠᠨ᠎ᠠ᠃

    3. ᠦᠵᠡᠰᠬᠦᠯᠡᠩ ᠳᠤ ᠰᠤᠩᠭᠤᠭᠳᠠᠭᠰᠠᠨ ᠳᠤᠬᠢᠶᠠᠯᠳᠤᠯ ᠳᠤ ᠤᠷᠤᠯᠴᠠᠭᠴᠢ ᠲᠠᠢ ᠤᠳᠠᠰᠤ ᠪᠡᠷ ᠬᠤᠯᠪᠤᠭᠳᠠᠵᠤ᠂ ᠪᠦᠳᠦᠬᠡᠯ ᠬᠠᠨᠳᠢᠪᠯᠠᠭᠰᠠᠨ ᠦᠨᠡᠮᠯᠡᠯ᠂ ᠵᠢᠬᠡᠯᠡᠨ ᠦᠵᠡᠬᠦᠯᠦᠭᠰᠡᠨ ᠬᠡᠷᠡᠴᠢᠯᠡᠬᠡ ᠵᠡᠷᠬᠡ ᠬᠤᠯᠪᠤᠭᠳᠠᠯ ᠪᠦᠬᠦᠢ ᠭᠠᠷᠳᠠᠮ ᠬᠦᠢᠴᠡᠳᠭᠡᠨ᠎ᠡ᠃

    ᠪᠦᠳᠦᠬᠡᠯ ᠳᠡᠪᠰᠢᠬᠦᠯᠬᠦ ᠬᠤᠭᠤᠴᠠᠭ᠎ᠠ ᠶᠢ 4 ᠰᠠᠷ᠎ᠠ ᠶᠢᠨ 30 ᠤ ᠡᠳᠤᠷ ᠢᠶᠡᠷ ᠬᠢᠵᠠᠭᠠᠷᠯᠠᠨ᠎ᠠ᠃

    ᠢᠮᠧᠯ ᠬᠠᠶ᠊ᠢᠭ᠄ zlyj2016@126.com

    ᠬᠤᠯᠪᠤᠭ᠎ᠠ ᠪᠠᠷᠢᠬᠤ ᠬᠦᠮᠦᠨ᠄ ᠵᠤᠤ ᠵᠢᠩ ᠪᠦᠧᠧ᠂ ᠱᠢ ᠾᠦᠢ

    ᠬᠤᠯᠪᠤᠭ᠎ᠠ ᠪᠠᠷᠢᠬᠤ ᠤᠳᠠᠰᠤ᠄ 0471—4910109/0471—4914510

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120497915