蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ  ᠳᠤ 19 ᠤ ᠡᠳᠦᠷ ᠡᠴᠡ ᠡᠬᠢᠯᠠᠨ ᠶᠡᠬᠡ ᠬᠡᠪᠴᠢᠶ᠎ᠠ ᠪᠡᠷ ᠴᠠᠰᠤ ᠤᠷᠤᠨ᠎ᠠ

2017-02-20 17:17

    ᠬᠦᠢᠲᠠᠨ ᠠᠭᠤᠷ ᠠᠮᠢᠰᠬᠤᠯ ᠤᠨ ᠨᠦᠯᠦᠬᠡ ᠶᠢ ᠬᠦᠷᠲᠡᠭᠰᠡᠨ ᠡᠴᠡ᠂19 ᠤ ᠡᠳᠦᠷ ᠤᠨ ᠦᠷᠯᠦᠬᠡ ᠡᠴᠡ ᠡᠬᠢᠯᠡᠨ ᠥᠪᠦᠷ ᠮᠣᠩᠭ᠋ᠤᠯ ᠤᠨ ᠥᠪᠡᠷᠲᠡᠬᠡᠨ ᠵᠠᠰᠬᠠᠤ ᠤᠷᠤᠨ ᠳᠤ ᠠᠭᠠᠷ ᠤᠨ ᠳᠤᠯᠠᠭᠠᠨ ᠮᠡᠳᠡᠭᠳᠡᠮ᠎ᠠ ᠳᠤᠷᠤᠭᠰᠢᠯᠠᠵᠤ᠂ ᠶᠡᠬᠡᠩᠬᠢ ᠪᠦᠰᠡ ᠨᠤᠲᠤᠭ ᠤᠨ ᠳᠤᠯᠠᠭᠠᠨ ᠤ ᠬᠡᠮᠵᠢᠶ᠎ᠠ ᠡᠮᠦᠨ᠎ᠠ ᠨᠢᠬᠡ ᠡᠳᠦᠷ ᠡᠴᠡ ᠪᠡᠨ 4 – 6 ᠭᠷᠠᠳᠦ᠋ᠰ ᠪᠠᠭᠤᠷᠠᠵᠡᠢ᠃ ᠤᠷᠢᠳᠴᠢᠯᠠᠨ ᠲᠤᠭᠠᠴᠠᠭᠠᠯᠠᠬᠰᠠᠨ ᠢᠶᠡᠷ᠂ ᠢᠷᠡᠬᠦ ᠭᠤᠷᠪᠡᠨ ᠬᠤᠨᠤᠭ ᠥᠪᠦᠷ ᠮᠣᠩᠭ᠋ᠤᠯ ᠳᠤ ᠶᠡᠬᠡ ᠬᠡᠪᠴᠢᠶ᠎ᠠ ᠪᠡᠷ ᠴᠠᠰᠤ ᠤᠷᠤᠨ᠎ᠠ᠃ ᠡᠬᠦᠨ ᠳᠤ ᠠᠯᠠᠱᠠ ᠠᠶᠢᠮᠠᠭ ᠤᠨ ᠵᠡᠬᠦᠨ ᠬᠡᠰᠡᠭ ᠡᠴᠡ ᠬᠦᠯᠦᠨ ᠪᠦᠢᠷ ᠬᠤᠲᠠ ᠬᠦᠷᠲᠠᠯ᠎ᠠ ᠪᠠᠭ᠎ᠠ ᠴᠠᠰᠤ ᠲᠠᠢ᠃ ᠪᠠᠶᠠᠨᠨᠠᠭᠤᠷ ᠬᠤᠲᠠ᠂ ᠪᠤᠭᠤᠲᠤ ᠬᠤᠲᠠ᠂ ᠬᠦᠬᠡᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠤᠯ ᠤᠨ ᠪᠠᠷᠠᠭᠤᠨ ᠬᠡᠰᠡᠭ ᠪᠠ ᠡᠮᠦᠨ᠎ᠠ ᠬᠡᠰᠡᠭ ᠤᠨ ᠪᠦᠰᠡ ᠨᠤᠲᠤᠭ ᠲᠤ ᠳᠤᠮᠳᠠ ᠵᠡᠷᠭᠡ ᠶᠢᠨ ᠴᠠᠰᠤ ᠲᠠᠢ᠃ ᠪᠠᠶᠠᠨᠨᠠᠭᠤᠷ ᠬᠤᠲᠠ ᠶᠢᠨ ᠡᠮᠦᠨ᠎ᠠ ᠬᠡᠰᠡᠭ᠂ ᠤᠷᠳᠤᠰ ᠬᠤᠲᠠ᠂ ᠪᠤᠭᠤᠲᠤ ᠬᠤᠲᠠ ᠶᠢᠨ ᠳᠤᠮᠳᠠ ᠬᠡᠰᠡᠭ ᠪᠡ ᠡᠮᠦᠨ᠎ᠠ ᠬᠡᠰᠡᠭ ᠤᠨ ᠪᠦᠰᠡ ᠨᠤᠲᠤᠭ᠂ ᠬᠦᠬᠡᠬᠤᠲᠠ ᠶᠢᠨ ᠡᠮᠦᠨ᠎ᠠ ᠬᠡᠰᠡᠭ᠂ ᠤᠯᠠᠭᠠᠨᠴᠠᠪ ᠤᠨ ᠡᠮᠦᠨ᠎ᠠ ᠬᠡᠰᠡᠭ ᠤᠨ ᠪᠦᠰᠡ ᠨᠤᠲᠤᠭ ᠲᠤ ᠶᠡᠬᠡ ᠴᠠᠰᠤ ᠲᠠᠢ᠃ ᠤᠷᠳᠤᠰ ᠬᠤᠲᠠ ᠶᠢᠨ ᠵᠡᠬᠦᠨ ᠡᠮᠦᠨ᠎ᠠ ᠬᠡᠰᠡᠭ ᠤᠨ ᠪᠦᠰᠡ ᠨᠤᠲᠤᠭ ᠲᠤ ᠣᠨᠴᠠ ᠶᠡᠬᠡ ᠴᠠᠰᠤ ᠲᠠᠢ᠃

ᠢᠷᠡᠯᠳᠡ᠄ ᠤᠮᠠᠷᠠᠲᠤ ᠶᠢᠨ ᠰᠢᠨ᠎ᠠ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120498497