蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ 3 ᠤ ᠡᠳᠦᠷ ᠡᠴᠡ ᠡᠬᠢᠯᠡᠨ ᠲᠠᠬᠢᠨ ᠬᠦᠢᠲᠠᠷᠠᠨ᠎ᠠ

2017-03-03 10:42

    3 ᠰᠠᠷ᠎ᠠ ᠶᠢᠨ 2 ᠤᠨ ᠡᠳᠦᠷ᠂ ᠥᠪᠦᠷ ᠮᠣᠩᠭ᠋ᠤᠯ ᠤᠨ ᠶᠡᠬᠡᠩᠬᠢ ᠬᠡᠰᠡᠭ ᠤᠨ ᠴᠠᠭ ᠠᠭᠠᠷ ᠳᠤᠯᠠᠭᠠᠷᠠᠵᠤ 5℃ ᠡᠴᠡ ᠳᠡᠭᠡᠭ᠍ᠰᠢ ᠪᠤᠯᠪᠠ᠃ 3 ᠰᠠᠷ᠎ᠠ ᠶᠢᠨ 3 ᠤ ᠡᠳᠦᠷ ᠡᠴᠡ ᠡᠬᠢᠯᠡᠨ ᠥᠪᠦᠷ ᠮᠣᠩᠭ᠋ᠤᠯ ᠪᠠᠰᠠ ᠬᠦᠢᠲᠠᠨ ᠠᠭᠤᠷ ᠠᠮᠢᠰᠬᠤᠯ ᠤᠨ ᠨᠦᠯᠦᠬᠡ ᠶᠢ ᠬᠦᠷᠲᠠᠨ ᠬᠡᠰᠡᠭ ᠪᠦᠰᠡ ᠨᠤᠲᠤᠭ  ᠢᠶᠡᠷ ᠴᠠᠰᠤ ᠲᠠᠢ᠂ ᠠᠭᠠᠷ ᠤᠨ ᠳᠤᠯᠠᠭᠠᠨ 4-6℃ ᠪᠠᠭᠤᠷᠠᠵᠤ᠂ ᠵᠠᠷᠢᠮ ᠬᠡᠰᠡᠭ ᠲᠤ ᠪᠡᠨ 6-8℃ ᠪᠠᠭᠤᠷᠠᠨ᠎ᠠ᠃ ᠥᠪᠦᠷ ᠮᠣᠩ᠋ᠭᠤᠯ ᠤᠨ ᠴᠠᠭ ᠠᠭᠤᠷ ᠤᠨ ᠬᠤᠷᠢᠶᠠᠨ ᠡᠴᠡ ᠤᠷᠢᠳᠴᠢᠯᠠᠨ ᠲᠤᠭᠠᠴᠠᠭᠠᠯᠠᠬᠰᠠᠨ ᠢᠶᠡᠷ᠂ ᠥᠪᠦᠷ ᠮᠣᠩ᠋ᠭᠤᠯ ᠤᠨ ᠶᠡᠬᠡᠩᠬᠢ ᠪᠦᠰᠡ ᠨᠤᠲᠤᠭ ᠬᠦᠢᠲᠠᠨ ᠠᠭᠤᠷ ᠠᠮᠢᠰᠬᠤᠯ ᠤᠨ ᠨᠦᠯᠦᠬᠡ ᠶᠢ ᠬᠦᠷᠲᠡᠵᠤ 3 ᠰᠠᠷ᠎ᠠ ᠶᠢᠨ 3  ᠤ ᠡᠳᠦᠷ ᠡᠴᠡ 5 ᠤ ᠡᠳᠦᠷ ᠪᠤᠯᠲᠠᠯ᠎ᠠ ᠪᠠᠰᠠ ᠨᠢᠬᠡ ᠤᠳᠠᠭ᠎ᠠ ᠬᠦᠢᠲᠠᠷᠡᠵᠤ᠂ ᠵᠡᠬᠦᠨ ᠬᠡᠰᠡᠭ ᠤᠨ ᠡᠮᠦᠨᠡᠰᠢᠬᠢ ᠪᠦᠰᠡ ᠨᠤᠲᠤᠭ ᠢᠶᠡᠷ ᠰᠠᠷᠨᠢᠬᠤ ᠴᠢᠨᠠᠷᠲᠠᠢ ᠴᠠᠰᠤ ᠤᠷᠤᠨ᠎ᠠ᠃

ᠢᠷᠡᠯᠳᠡ᠄ ᠳᠤᠮᠳᠠᠳᠤ ᠤᠯᠤᠰ ᠤᠨ ᠴᠠᠭ ᠠᠭᠠᠷ ᠤᠨ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120562815