蒙古文网站Logo
ᠰᠢᠨᠬᠤᠸᠠ ᠮᠤᠩᠭ᠋ᠤᠯ ᠨᠧᠲ

ᠰᠢᠨᠬᠤᠧᠠ ᠨᠧᠲ ᠤᠨ ᠬᠢᠯᠢ ᠶᠢᠨ ᠭᠠᠳᠠᠨᠠᠬᠢ ᠳᠠᠮᠵᠢᠭᠤᠯᠭ᠎ᠠ ᠶᠢᠨ ᠳᠦᠪ ᠲᠤ ᠨᠠᠶᠢᠷᠠᠭᠤᠯᠤᠭᠴᠢ ᠡᠯᠰᠡᠬᠦ ᠮᠡᠳᠡᠭᠳᠡᠯ

2017-03-16 15:18

    ᠰᠢᠨᠬᠤᠧᠠ ᠨᠧᠲ ᠪᠤᠯ ᠰᠢᠨᠬᠤᠧᠠ ᠬᠤᠷᠢᠶᠠᠨ ᠡᠴᠡ ᠡᠷᠬᠢᠯᠡᠵᠤ ᠪᠠᠶᠢᠭ᠎ᠠ ᠤᠯᠤᠰ ᠤᠨ ᠬᠦᠨᠳᠦ ᠴᠢᠬᠤᠯᠠ ᠮᠡᠳᠡᠬᠡ ᠮᠡᠳᠡᠬᠡᠯᠡᠯ ᠤᠨ ᠨᠧᠲ ᠪᠠᠶᠢᠵᠤ᠂ ᠳᠡᠯᠡᠬᠡᠢ ᠶᠢᠨ ᠬᠡᠮᠵᠢᠶᠡᠨ ᠳᠤ ᠨᠡᠷ᠎ᠡ ᠨᠦᠯᠦᠬᠡ ᠶᠡᠬᠡᠳᠡᠢ ᠶᠤᠮ᠃ ᠤᠳᠤᠬᠠᠨ ᠳᠤ ᠬᠢᠯᠢ ᠶᠢᠨ ᠭᠠᠳᠠᠨᠠᠬᠢ ᠳᠠᠮᠵᠢᠭᠤᠯᠭ᠎ᠠ ᠶᠢᠨ ᠳᠦᠪ ᠲᠡᠬᠡᠨ ᠨᠡᠶᠢᠬᠡᠮ ᠳᠡᠬᠡᠷ᠎ᠡ ᠡᠴᠡ ᠬᠢᠳᠠᠳ᠂ ᠠᠩᠭ᠍ᠯᠢ ᠬᠡᠯᠡᠨ ᠤ ᠨᠠᠶᠢᠷᠠᠭᠤᠯᠤᠭᠴᠢ ᠡᠯᠰᠡᠵᠤ ᠪᠤᠢ᠃

    ᠬᠢᠳᠠᠳ ᠬᠡᠯᠡᠨ ᠤ ᠨᠠᠶᠢᠷᠠᠭᠤᠯᠤᠭᠴᠢ ᠨᠡᠯᠢᠶᠡᠳ ᠬᠡᠳᠦ ᠶᠢ ᠡᠯᠰᠡᠨ᠎ᠡ᠂ ᠶᠡᠬᠡ ᠰᠤᠷᠭᠠᠭᠤᠯᠢ ᠶᠢᠨ ᠦᠨᠳᠦᠰᠦᠨ ᠠᠩᠬᠢ ᠡᠴᠡ ᠳᠡᠬᠡᠭᠰᠢ ᠰᠤᠷᠤᠯᠭ᠎ᠠ ᠶᠢᠨ ᠨᠠᠮᠳᠠᠷ ᠲᠠᠢ ᠪᠠᠶᠢᠬᠤ ᠶᠢ ᠱᠠᠭᠠᠷᠳᠠᠨ᠎ᠠ᠃ ᠠᠩᠭ᠍ᠯᠢ ᠬᠡᠯᠡ᠂ ᠰᠤᠨᠢᠨ ᠮᠡᠳᠡᠬᠡ᠂ ᠤᠯᠠᠨ ᠤᠯᠤᠰ ᠤᠨ ᠬᠠᠷᠢᠴᠠᠭ᠎ᠠ᠂ ᠢᠨᠲ᠋ᠧᠷᠨᠧᠲ ᠤᠨ ᠬᠡᠷᠡᠭᠯᠡᠬᠡ ᠵᠡᠷᠬᠡ ᠳᠤᠰᠬᠠᠢ ᠮᠡᠷᠬᠡᠵᠢᠯ ᠤᠨ ᠬᠦᠮᠦᠰ ᠨᠦᠬᠦᠴᠡᠯ ᠳᠤ ᠢᠯᠡᠬᠦᠦ ᠨᠡᠶᠢᠴᠡᠨ᠎ᠡ᠃ ᠰᠤᠨᠢᠷᠬᠠᠯ ᠲᠠᠢ ᠬᠦᠮᠦᠰ ᠨᠠᠮᠳᠠᠷ ᠢᠶᠡᠨ world@news.cn ᠬᠡᠬᠦ ᠬᠠᠶ᠊ᠢᠭ ᠢᠶᠡᠷ ᠢᠯᠡᠬᠡᠬᠡᠷᠡᠢ᠃

    ᠠᠩᠭ᠍ᠯᠢ ᠬᠡᠯᠡᠨ ᠤ ᠨᠠᠶᠢᠷᠠᠭᠤᠯᠤᠭᠴᠢ ᠨᠡᠯᠢᠶᠡᠳ ᠬᠡᠳᠦ ᠶᠢ ᠡᠯᠰᠡᠨ᠎ᠡ᠂ ᠠᠩᠭ᠍ᠯᠢ ᠬᠡᠯᠡ ᠪᠤᠶᠤ ᠬᠠᠮᠢᠶᠠᠳᠠᠢ ᠮᠡᠷᠬᠡᠵᠢᠯ ᠢᠶᠡᠷ ᠶᠡᠬᠡ ᠰᠤᠷᠭᠠᠭᠤᠯᠢ ᠶᠢᠨ ᠦᠨᠳᠦᠰᠦᠨ ᠠᠩᠬᠢ ᠡᠴᠡ ᠳᠡᠬᠦᠰᠦᠭᠰᠡᠨ ᠪᠠᠶᠢᠬᠤ ᠶᠢ ᠱᠠᠭᠠᠷᠳᠠᠨ᠎ᠠ᠃ ᠠᠩᠭ᠍ᠯᠢ ᠬᠡᠯᠡᠨ ᠤ ᠬᠢᠷᠢ ᠬᠡᠮᠵᠢᠶ᠎ᠡ ᠨᠢ 8 ᠳᠡᠰ ᠡᠴᠡ ᠳᠡᠬᠡᠭᠰᠢ ᠪᠠᠶᠢᠬᠤ ᠬᠡᠷᠡᠭᠳᠡᠢ ᠮᠦᠷᠳᠡᠬᠡᠨ ᠤᠷᠤᠰᠤᠮ᠎ᠠ ᠰᠠᠶᠢᠨ ᠶᠠᠷᠢᠵᠤ ᠢᠯᠡᠳᠬᠡᠵᠤ ᠴᠢᠳᠠᠬᠤ᠂ ᠠᠩᠭ᠍ᠯᠢ ᠬᠡᠯᠡ ᠪᠡᠷ ᠪᠡᠶ᠎ᠡ ᠳᠠᠭᠠᠭᠠᠨ ᠰᠤᠷᠪᠤᠯᠵᠢᠯᠠᠭ᠎ᠠ ᠬᠢᠵᠤ ᠴᠢᠳᠠᠭᠰᠠᠨ ᠪᠠᠶᠢᠬᠤ ᠶᠢ ᠱᠠᠭᠠᠷᠳᠠᠨ᠎ᠠ᠃ ᠬᠡᠪᠯᠡᠯ ᠮᠡᠳᠡᠬᠡᠯᠡᠯ ᠤᠨ ᠠᠵᠢᠯ ᠤᠨ ᠳᠤᠷᠰᠢᠯᠭ᠎ᠠ ᠲᠠᠢ ᠪᠤᠶᠤ ᠬᠠᠷᠢ ᠤᠯᠤᠰ ᠲᠤ ᠠᠵᠢᠯᠯᠠᠵᠤ ᠪᠠᠶᠢᠭᠰᠠᠨ ᠬᠦᠮᠦᠰ ᠨᠦᠬᠦᠴᠡᠯ ᠳᠤ ᠢᠯᠡᠬᠦᠦ ᠨᠡᠶᠢᠴᠡᠨ᠎ᠡ᠃ ᠰᠤᠨᠢᠷᠬᠠᠯ ᠲᠠᠢ ᠬᠦᠮᠦᠰ ᠨᠠᠮᠳᠠᠷ ᠢᠶᠡᠨ xinhuanet_english@news.cn ᠬᠡᠬᠦ ᠬᠠᠶ᠊ᠢᠭ ᠢᠶᠡᠷ ᠢᠯᠡᠬᠡᠬᠡᠷᠡᠢ᠃

    ᠨᠠᠷᠢᠨ ᠪᠠᠶᠢᠳᠠᠯ ᠢ ᠳᠠᠷᠠᠭᠠᠬᠢ ᠬᠠᠶ᠊ᠢᠭ ᠢᠶᠡᠷ ᠬᠤᠯᠪᠤᠭᠳᠠᠵᠤ ᠤᠶᠢᠯᠠᠭᠠᠭᠠᠷᠠᠢ᠃

 http://news.xinhuanet.com/english/special/2017-03/06/c_135460213.htm

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120640249