蒙古文网站Logo
ᠰᠢᠨᠬᠤᠸᠠ ᠮᠤᠩᠭ᠋ᠤᠯ ᠨᠧᠲ

《ᠬᠡᠷᠦᠯᠦᠨ》ᠬᠤᠨᠳᠠᠭᠠᠲᠤ ᠴᠢᠭᠡᠴᠢ ᠵᠠᠰᠠᠭ ᠤᠨ ᠰᠣᠶᠣᠯ ᠤᠨ ᠵᠣᠬᠢᠶᠠᠯ ᠪᠦᠲᠦᠭᠡᠯ ᠦᠨ ᠤᠷᠤᠯᠳᠤᠭᠠᠨ ᠤ ᠡᠬᠡ ᠪᠢᠴᠢᠭ᠌ ᠡᠯᠰᠡᠬᠦ ᠮᠡᠳᠡᠭᠳᠡᠯ

2017-03-21 10:38

    ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠢ ᠪᠠᠶᠠᠷᠯᠠᠨ ᠤᠭᠲᠤᠵᠤ᠂ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠦᠨ ᠣᠢ ᠶ᠋ᠢ ᠪᠡᠯᠭᠡᠯᠡᠵᠦ᠂ ᠨᠡᠶᠢᠭᠡᠮ ᠵᠢᠷᠤᠮ ᠤᠨ ᠭᠣᠣᠯᠯᠠᠭᠴᠢ ᠥᠷᠲᠡᠭ ᠦᠨ ᠦᠵᠡᠯᠲᠡ ᠶ᠋ᠢ ᠪᠠᠳᠠᠷᠠᠭᠤᠯᠵᠤ᠂ ᠬᠣᠰᠢᠭᠤᠨ ᠤ ᠴᠢᠭᠡᠴᠢ ᠵᠠᠰᠠᠭ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶ᠋ᠢ ᠲᠦᠯᠬᠢᠨ ᠠᠬᠢᠭᠤᠯᠵᠤ᠂ ᠠᠷᠢᠭᠤᠨ ᠴᠢᠭᠡᠴᠢ ᠶ᠋ᠢ ᠡᠷᠬᠢᠮᠯᠡᠨ ᠳᠡᠭᠡᠳᠦᠯᠡᠵᠦ᠂ ᠠᠷᠢᠭᠤᠨ ᠴᠢᠭᠡᠴᠢ ᠶ᠋ᠢ ᠮᠠᠭᠲᠠᠨ ᠳᠠᠭᠤᠯᠠᠬᠤ ᠰᠣᠶᠣᠯ ᠤᠨ ᠤᠷᠴᠢᠨ ᠢ ᠪᠣᠢ ᠪᠣᠯᠭᠠᠬᠤ ᠡᠭᠦᠳᠡᠨ ᠡᠴᠡ ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠣᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠨᠠᠨ ᠪᠠᠶᠢᠴᠠᠭᠠᠬᠤ ᠲᠤᠪᠴᠢᠶ᠎ᠠ᠂ ᠰᠢᠨ᠎ᠡ ᠪᠠᠷᠭᠤ ᠪᠠᠷᠠᠭᠤᠨ ᠬᠣᠰᠢᠭᠤᠨ ᠤ ᠤᠳᠬ᠎ᠠ ᠤᠷᠠᠯᠢᠭ ᠤᠨ ᠬᠢᠨ ᠦ ᠬᠣᠯᠪᠣᠭ᠎ᠠ ᠡᠴᠠ ᠬᠥᠯᠥᠨ ᠪᠣᠶᠢᠷ ᠬᠣᠲᠠ ᠶ᠋ᠢᠨ ᠬᠡᠪᠴᠢᠶᠡᠨ ᠳ᠋ᠤ《ᠬᠡᠷᠦᠯᠦᠨ》ᠬᠤᠨᠳᠠᠭᠠᠲᠤ ᠴᠢᠭᠡᠴᠢ ᠵᠠᠰᠠᠭ ᠤᠨ ᠰᠣᠶᠣᠯ ᠤᠨ ᠵᠣᠬᠢᠶᠠᠯ ᠪᠦᠲᠦᠭᠡᠯ ᠦᠨ ᠤᠷᠤᠯᠳᠤᠭᠠᠨ ᠢ ᠡᠷᠬᠢᠯᠡᠨ ᠶᠠᠪᠤᠭᠳᠠᠭᠤᠯᠬᠤ ᠪᠠᠷ ᠲᠣᠭᠲᠠᠪᠠ᠃

    ᠡᠬᠡ ᠪᠢᠴᠢᠭ᠌ ᠡᠯᠰᠡᠬᠦ ᠱᠠᠭᠠᠷᠳᠠᠯᠭ᠎ᠠ

    ⒈ᠵᠣᠬᠢᠶᠠᠯ ᠤᠨ ᠰᠲ᠋ᠢᠯᠢ ᠬᠢᠵᠠᠭᠠᠷᠯᠠᠬᠤ ᠦᠭᠡᠢ᠃

    ⒉ᠡᠬᠡ ᠪᠢᠴᠢᠭ᠌ ᠡᠯᠰᠡᠬᠦ ᠬᠤᠭᠤᠴᠠᠭ᠎ᠠ᠄ 2017 ᠣᠨ ᠤ 2 ᠰᠠᠷ᠎ᠠ ᠶ᠋ᠢᠨ 25 ᠤ ᠡᠳᠦᠷ - 3 ᠰᠠᠷ᠎ᠠ ᠶ᠋ᠢᠨ 30 ᠤ ᠡᠳᠦᠷ ᠪᠣᠯᠲᠠᠯ᠎ᠠ᠃

    ⒊ᠤᠷᠤᠯᠳᠤᠭᠠᠨ ᠤ ᠡᠬᠡ ᠪᠢᠴᠢᠭ᠌ ᠢ ᠨᠢᠭᠡᠳᠦᠭᠡᠷ ᠪᠠᠶᠢᠷᠢᠨ ᠳᠤ 1 ᠤᠷᠤᠯᠴᠠᠭᠴᠢ᠂ ᠬᠣᠶᠠᠳᠤᠭᠠᠷ ᠪᠠᠶᠢᠷᠢᠨ ᠳᠤ 2 ᠤᠷᠤᠯᠴᠠᠭᠴᠢ᠂ ᠭᠤᠷᠪᠠᠳᠤᠭᠠᠷ ᠪᠠᠶᠢᠷᠢᠨ ᠳᠤ 3 ᠤᠷᠤᠯᠴᠠᠭᠴᠢ ᠰᠢᠯᠭᠠᠷᠠᠭᠤᠯᠵᠤ᠂ ᠱᠠᠩᠨᠠᠯ ᠤᠨ ᠦᠨᠡᠮᠯᠡᠯ ᠪᠣᠯᠣᠨ ᠪᠡᠯᠡᠨ ᠮᠥᠩᠭᠥᠨ ᠦ ᠤᠷᠮᠠᠰᠢᠭᠤᠯᠤᠯ ᠣᠯᠭᠣᠨ᠎ᠠ᠃ ᠵᠣᠬᠢᠶᠠᠯ ᠪᠦᠲᠦᠭᠡᠯ ᠢ ᠨᠢ《ᠬᠡᠷᠦᠯᠦᠨ》 ᠰᠡᠳᠬᠦᠯ ᠳ᠋ᠦ ᠨᠡᠶᠢᠲᠡᠯᠡᠨ᠎ᠡ᠃

    ⒋ᠤᠷᠤᠯᠳᠤᠭᠠᠨ ᠤ ᠡᠬᠡ ᠪᠢᠴᠢᠭ᠌ ᠨᠢ ᠠᠪᠯᠢᠭᠠᠯ ᠲᠠᠢ ᠳᠡᠮᠡᠴᠡᠵᠤ ᠠᠷᠢᠭᠤᠨ ᠴᠢᠭᠡᠴᠢ ᠶ᠋ᠢ ᠡᠷᠬᠢᠮᠯᠡᠬᠦ ᠰᠡᠳᠦᠪ ᠢᠶᠡᠷ ᠭᠣᠣᠯ ᠪᠣᠯᠭᠠᠵᠤ᠂ ᠴᠠᠭ ᠦᠶ᠎ᠡ ᠶ᠋ᠢᠨ ᠭᠣᠣᠯᠯᠠᠬᠤ ᠬᠥᠭ᠌ ᠠᠶᠠᠰ ᠢ ᠳᠠᠭᠠᠨ ᠠᠪᠯᠢᠭᠠᠯ ᠲᠠᠢ ᠳᠡᠮᠡᠴᠡᠬᠦ ᠠᠷᠢᠭᠤᠨ ᠴᠢᠭᠡᠴᠢ ᠶ᠋ᠢ ᠡᠷᠬᠢᠮᠯᠡᠬᠦ ᠨᠡᠶᠢᠭᠡᠮ ᠦᠨ ᠰᠢᠨ᠎ᠡ ᠠᠭᠤᠷ ᠠᠮᠢᠰᠬᠤᠯ᠂ ᠰᠢᠨ᠎ᠡ ᠬᠡᠪ ᠵᠤᠷᠰᠢᠯ ᠢ ᠲᠤᠰᠬᠠᠵᠤ᠂ ᠤᠳᠬ᠎ᠠ ᠰᠠᠨᠠᠭ᠎ᠠ ᠭᠦᠨ ᠭᠦᠨᠵᠡᠭᠡᠢ᠂ ᠭᠣᠴᠣ ᠰᠠᠶᠢᠬᠠᠨ ᠬᠡᠪ ᠨᠠᠮᠪᠠ ᠲᠠᠢ᠂ ᠠᠭᠤᠯᠭ᠎ᠠ ᠡᠷᠡᠭᠦᠯ ᠰᠠᠷᠠᠭᠤᠯ ᠥᠭᠡᠳᠡᠷᠬᠡᠭ ᠪᠠᠶᠢᠵᠤ᠂ ᠨᠡᠯᠢᠶᠡᠳ ᠴᠢᠩᠭ᠎ᠠ ᠦᠵᠡᠯ ᠰᠠᠨᠠᠭᠠᠴᠢ ᠰᠢᠨᠵᠢ᠂ ᠤᠷᠠᠯᠢᠭ ᠰᠢᠨᠵᠢ ᠪᠠ ᠰᠤᠷᠭᠠᠨ ᠬᠥᠮᠥᠵᠢᠭᠦᠯᠬᠦ ᠴᠢᠨᠠᠷ ᠲᠠᠢ ᠪᠠᠶᠢᠬᠤ ᠶ᠋ᠢ ᠱᠠᠭᠠᠷᠳᠠᠨ᠎ᠠ᠃

    ⒌ᠡᠬᠡ ᠪᠢᠴᠢᠭ᠌ ᠢᠯᠡᠭᠡᠬᠦ ᠬᠠᠶ᠊ᠢᠭ᠄ ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠣᠰᠢᠭᠤᠨ ᠤ ᠤᠳᠬ᠎ᠠ ᠤᠷᠠᠯᠢᠭ ᠤᠨ ᠬᠢᠨ ᠦ ᠬᠣᠯᠪᠣᠭ᠎ᠠ

    ᠡᠬᠡ ᠪᠢᠴᠢᠭ᠌ ᠬᠤᠷᠢᠶᠠᠬᠤ ᠢᠮᠧᠯ᠄ 39598381@qq.com

    ᠬᠠᠷᠢᠯᠴᠠᠬᠤ ᠬᠥᠮᠥᠨ᠄ ᠬᠠᠳᠠ 13722019144

                     ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠣᠰᠢᠭᠤᠨ ᠤ ᠤᠳᠬ᠎ᠠ ᠤᠷᠠᠯᠢᠭ ᠤᠨ ᠬᠢᠨ ᠦ ᠬᠣᠯᠪᠣᠭ᠎ᠠ

    

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120664919