蒙古文网站Logo
ᠰᠢᠨᠬᠤᠸᠠ ᠮᠤᠩᠭ᠋ᠤᠯ ᠨᠧᠲ

ᠤᠷᠠᠳ ᠤᠨ ᠡᠮᠦᠨᠡᠲᠤ ᠬᠤᠰᠢᠭᠤ ᠲᠦᠷᠦ ᠶᠢᠨ ᠵᠡᠷᠭᠡᠯᠡᠯ ᠤᠨ ᠴᠠᠬᠢᠮ ᠬᠤᠳᠠᠯᠳᠤᠭ᠎ᠠ ᠬᠦᠳᠡᠭᠡ ᠲᠤᠰᠬᠤᠨ ᠳᠤ ᠤᠷᠤᠭᠰᠠᠨ ᠵᠢᠱᠢᠶᠡᠴᠢ ᠰᠢᠶᠠᠨ ᠢᠶᠡᠷ ᠦᠨᠡᠯᠡᠭᠳᠡᠪᠠ

2017-03-23 11:35

    ᠦᠪᠦᠷ ᠮᠣᠩᠭᠣᠯ ᠤᠨ ᠤᠷᠠᠳ ᠤᠨ ᠡᠮᠦᠨᠡᠲᠤ ᠬᠤᠰᠢᠭᠤ 2000 ᠺᠦᠧᠠᠳ᠋ ᠮᠧᠲ᠋ᠷ ᠲᠠᠯᠠᠪᠠᠢ ᠲᠠᠢ ᠴᠠᠬᠢᠮ ᠬᠤᠳᠠᠯᠳᠤᠭ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ  ᠪᠠᠶᠢᠭᠤᠯᠵᠤ᠂ ᠴᠠᠬᠢᠮ ᠬᠤᠳᠠᠯᠳᠤᠭ᠎ᠠ ᠶᠢᠨ ᠠᠵᠤ ᠠᠬᠤᠶᠢᠯᠠᠯ ᠤᠨ ᠬᠦᠨᠵᠡᠭᠡᠶᠢᠷᠡᠯᠲᠠ᠂ ᠴᠠᠬᠢᠮ ᠬᠤᠳᠠᠯᠳᠤᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠴᠠᠬᠢᠮ ᠬᠤᠳᠠᠯᠳᠤᠭ᠎ᠠ ᠶᠢᠨ ᠴᠢᠳᠠᠪᠤᠷᠢᠲᠠᠨ ᠢ ᠬᠦᠮᠦᠵᠢᠭᠦᠯᠬᠦ᠂ ᠤᠶᠤᠲᠠᠳ ᠤᠨ ᠠᠳᠠᠯ ᠪᠤᠰᠬᠠᠬᠤ ᠵᠡᠷᠭᠡ ᠠᠵᠢᠯᠯᠠᠭ᠎ᠠ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩ᠋ᠭᠠᠵᠤ ᠪᠤᠢ᠃ ᠴᠠᠬᠢᠮ ᠬᠤᠳᠠᠯᠳᠤᠭ᠎ᠠ ᠶᠢᠨ ᠬᠡᠷᠡᠭᠯᠡᠭᠡᠨ ᠤ ᠠᠵᠤ ᠠᠬᠤᠶᠢᠯᠠᠯ ᠲᠦᠷᠭᠡᠨ ᠬᠦᠭ᠍ᠵᠢᠵᠤ᠂ ᠨᠧᠲ ᠤᠨ ᠠᠷᠠᠯᠵᠢᠶᠠᠨ ᠤ ᠬᠡᠮᠵᠢᠶ᠎ᠠ ᠲᠠᠬᠢᠨ ᠢᠶᠡᠷ ᠨᠡᠮᠡᠭᠳᠡᠪᠠ᠃ 2016 ᠤᠨ ᠳᠤ᠂ ᠬᠤᠰᠢᠭᠤ ᠳᠠᠶᠠᠭᠠᠷ ᠤᠨ ᠴᠠᠬᠢᠮ ᠬᠤᠳᠠᠯᠳᠤᠭᠠᠨ ᠤ ᠠᠵᠤ ᠠᠬᠤᠶᠢᠯᠠᠯ 182 ᠳᠤ ᠬᠦᠷᠴᠤ᠂ ᠪᠤᠷᠤᠯᠠᠭᠤᠯᠤᠭᠰᠠᠨ ᠬᠡᠮᠵᠢᠶ᠎ᠠ 7000 ᠲᠦᠮᠡᠨ ᠲᠦᠬᠦᠷᠢᠭ᠌ ᠲᠤ ᠬᠦᠷᠤᠨ᠂ 2000 ᠭᠠᠷᠤᠢ ᠬᠦᠮᠦᠨ ᠤ ᠠᠵᠢᠯ ᠤᠯᠭᠤᠯᠲᠠ ᠶᠢᠨ ᠠᠰᠠᠭᠤᠳᠠᠯ ᠢ ᠰᠢᠶ᠋ᠳᠪᠦᠷᠢᠯᠡᠪᠡ᠃ ᠲᠤᠰ ᠬᠤᠰᠢᠭᠤ《ᠲᠦᠷᠦ ᠶᠢᠨ ᠵᠡᠷᠭᠡᠯᠡᠯ ᠤᠨ ᠴᠠᠬᠢᠮ ᠬᠤᠳᠠᠯᠳᠤᠭ᠎ᠠ ᠬᠦᠳᠡᠭᠡ ᠲᠤᠰᠬᠤᠨ ᠳᠤ ᠤᠷᠤᠭᠰᠠᠨ ᠵᠢᠱᠢᠶᠡᠴᠢ ᠰᠢᠶᠠᠨ》 ᠢᠶᠡᠷ ᠦᠨᠡᠯᠡᠭᠳᠡᠵᠠᠢ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120680494