蒙古文网站Logo
ᠰᠢᠨᠬᠤᠸᠠ ᠮᠤᠩᠭ᠋ᠤᠯ ᠨᠧᠲ

ᠪᠤᠭᠤᠲᠤ ᠬᠤᠲᠠ ᠮᠣᠩᠭᠣᠯ ᠤᠯᠤᠰ ᠤᠨ ᠰᠡᠯᠡᠩᠭᠡ ᠠᠶᠢᠮᠠᠭ ᠲᠠᠢ ᠰᠤᠷᠭᠠᠨ ᠬᠦᠮᠦᠵᠢᠯ ᠤᠨ ᠬᠦᠷᠢᠶ᠎ᠠ ᠴᠠᠷ᠎ᠠ ᠳᠤ ᠬᠠᠮᠲᠤᠷᠠᠨ ᠠᠵᠢᠯᠯᠠᠬᠤ ᠰᠠᠨᠠᠮᠵᠢ ᠪᠢᠴᠢᠭ᠌ ᠲᠤ ᠭᠠᠷ ᠤᠨ ᠦᠰᠦᠭ ᠵᠢᠷᠤᠪᠡ

2017-03-24 10:08

    3 ᠰᠠᠷ᠎ᠠ ᠶᠢᠨ 20 ᠪ ᠡᠳᠦᠷ ᠂ ᠮᠤᠩᠭ᠋ᠤᠯ ᠤᠯᠤᠰ ᠤᠨ ᠰᠡᠯᠡᠩᠬᠡ ᠠᠢᠢᠮᠠᠭ ᠤᠨ ᠪᠤᠯᠪᠠᠰᠤᠷᠠᠯ ᠰᠤᠶᠤᠯ ᠤᠷᠠᠯᠢᠭ ᠤᠨ ᠭᠠᠵᠠᠷ ᠤᠨ ᠲᠠᠷᠤᠭ᠎ᠠ ᠴᠢ‍·ᠵᠢᠷᠭᠠᠯᠰᠠᠢᠢᠬᠠᠨ ᠢᠶᠡᠷ ᠪᠠᠭ ᠤᠨ ᠳᠠᠷᠤᠭ᠎ᠠ ᠪᠤᠯᠭᠠᠭᠰᠠᠨ ᠮᠤᠩᠭ᠋ᠤᠯ ᠤᠯᠤᠰ ᠤᠨ ᠰᠡᠯᠡᠩᠬᠡ ᠠᠢᠢᠮᠠᠭ ᠤᠨ ᠰᠤᠷᠭᠠᠨ ᠬᠦᠮᠦᠵᠢᠯ ᠤᠨ ᠲᠦᠯᠥᠭᠡᠯᠡᠭᠴᠢᠳ ᠤᠨ ᠪᠠᠭ ᠪᠤᠭᠤᠲᠤ ᠬᠤᠳᠠ ᠳ᠋ᠤ ᠢᠷᠡᠵᠦ᠂ ᠪᠤᠭᠤᠲᠤ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠪᠠ ᠮᠤᠩᠭ᠋ᠤᠯ ᠤᠯᠤᠰ ᠤᠨ ᠰᠡᠯᠡᠩᠬᠡ ᠠᠢᠢᠮᠠᠭ ᠤᠨ ᠪᠤᠯᠪᠠᠰᠤᠷᠠᠯ ᠰᠤᠶᠤᠯ ᠤᠷᠠᠯᠢᠭ ᠤᠨ ᠭᠠᠵᠠᠷ ᠲᠠᠢ ᠰᠤᠷᠭᠠᠨ ᠬᠦᠮᠦᠵᠢᠯ ᠤᠨ ᠬᠠᠮᠲᠤ ᠶᠢᠨ ᠠᠵᠢᠯᠯᠠᠭᠠᠨ ᠤ ᠰᠠᠨᠠᠮᠵᠢ ᠶᠢᠨ ᠪᠢᠴᠢᠭ᠌ ᠲᠤ ᠭᠠᠷ ᠤᠨ ᠦᠰᠦᠭ ᠵᠢᠷᠦᠪᠠ᠃ ᠰᠠᠨᠠᠮᠵᠢ ᠶᠢᠨ ᠪᠢᠴᠢᠭ᠌ ᠶᠤᠰᠤᠭᠠᠷ᠂ ᠬᠤᠢᠢᠰᠢᠳᠡ ᠬᠤᠶᠠᠷ ᠲᠠᠯ᠎ᠠ ᠪᠡᠷ ᠢᠶᠡᠷ ᠬᠠᠷᠢᠯᠴᠠᠨ ᠪᠠᠬᠰᠢ ᠰᠤᠯᠢᠯᠴᠠᠨ ᠬᠢᠴᠢᠶᠡᠯᠯᠡᠬᠦ᠂ ᠪᠠᠭᠠᠴᠤᠳ ᠤᠨ ᠵᠤᠰᠠᠯᠠᠩ ᠤᠨ ᠠᠵᠢᠯᠯᠠᠭ᠎ᠠ᠂ ᠠᠵᠢᠯ ᠮᠡᠷᠭᠡᠵᠢᠯ ᠤᠨ ᠰᠤᠷᠭᠠᠭᠤᠯᠢ ᠵᠢᠨ ᠲᠤᠰᠬᠠᠢ ᠮᠡᠷᠭᠡᠵᠢᠯ ᠤᠨ ᠰᠤᠷᠤᠬᠴᠢᠳ ᠢ ᠰᠤᠯᠢᠯᠴᠠᠨ ᠬᠦᠮᠦᠵᠢᠬᠦᠯᠬᠦ᠂ ᠮᠤᠩᠭ᠋ᠤᠯ ᠵᠠᠩ ᠠᠭᠠᠯᠢ ᠵᠡᠷᠭᠡ ᠦᠪ ᠰᠤᠶᠤᠯ ᠤᠨ ᠤᠯᠠᠮᠵᠢᠯᠠᠯ ᠤᠨ ᠬᠠᠮᠢᠶ᠍ᠠᠳᠠᠢ ᠬᠠᠮᠵᠢᠯᠴᠠᠭᠠᠨ ᠤ ᠠᠵᠢᠯᠯᠠᠭ᠎ᠠ ᠦᠷᠨᠢᠬᠦᠯᠬᠦ ᠪᠤᠯᠤᠨ᠎ᠠ᠃ ᠲᠡᠷᠡᠴᠢᠯᠡᠨ ᠬᠠᠮᠳᠤᠷᠠᠭᠰᠠᠨ ᠡᠷᠳᠡᠮ ᠰᠢᠨᠵᠢᠯᠡᠭᠡ ᠪᠤᠯᠤᠨ ᠬᠢᠴᠢᠶᠡᠯ ᠬᠦᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠵᠤ᠂ ᠬᠤᠶᠠᠷ ᠲᠠᠯ᠎ᠠ ᠶᠢᠨ ᠬᠠᠮᠵᠢᠯᠴᠠᠭ᠎ᠠ ᠶᠠᠪᠤᠯᠴᠠᠭ᠎ᠠ ᠶᠢ ᠨᠢᠬᠳᠠᠷᠠᠭᠤᠯᠵᠤ᠂ ᠰᠤᠶᠤᠯ ᠤᠨ ᠰᠤᠯᠢᠯᠴᠠᠭ᠎ᠠ ᠶᠢ ᠠᠬᠢᠭᠤᠯᠬᠤ ᠪᠤᠯᠤᠨ᠎ᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120686735