蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠮᠠᠨᠤ ᠬᠠᠰ ᠤᠨ ᠪᠠᠷᠢᠮᠵᠢᠶᠠᠵᠢᠭᠰᠠᠨ ᠮᠡᠷᠭᠡᠵᠢᠯ ᠤᠨ ᠵᠦᠪᠯᠡᠯ ᠪᠠᠶᠢᠭᠤᠯᠤᠭᠳᠠᠪᠠ

2017-03-24 10:20

    ᠲᠦᠷᠦᠭᠦᠬᠡᠨ ᠦᠪᠦᠷ ᠮᠣᠩᠭᠣᠯ ᠤᠨ ᠮᠠᠨᠤ ᠬᠠᠰ ᠤᠨ ᠪᠠᠷᠢᠮᠵᠢᠶᠠᠵᠢᠭᠰᠠᠨ ᠮᠡᠷᠭᠡᠵᠢᠯ ᠤᠨ ᠵᠦᠪᠯᠡᠯ ᠬᠦᠬᠡᠬᠤᠲᠠ ᠳᠤ ᠪᠠᠶᠢᠭᠤᠯᠤᠭᠳᠠᠪᠠ᠂ ᠲᠤᠰ ᠵᠦᠪᠯᠡᠯ ᠤᠨ ᠪᠠᠶᠢᠭᠤᠯᠤᠭᠳᠠᠭᠰᠠᠨ ᠨᠢ ᠤᠷᠤᠨ ᠳᠠᠶᠠᠭᠠᠷ ᠤᠨ ᠮᠠᠨᠤ ᠬᠠᠰ ᠤᠨ ᠠᠵᠤ ᠦᠢᠯᠡᠳᠪᠦᠷᠢ ᠶᠢᠨ ᠬᠦᠭ᠍ᠵᠢᠯᠲᠠ ᠶᠢ ᠤᠯᠠᠮ ᠴᠢᠨᠠᠭᠰᠢᠲᠠ ᠠᠬᠢᠭᠤᠯᠵᠤ᠂ ᠦᠪᠦᠷ ᠮᠣᠩᠭᠣᠯ ᠤᠨ ᠮᠠᠨᠤ ᠬᠠᠰ ᠤᠨ ᠤᠯᠤᠰ ᠳᠠᠶᠠᠭᠠᠷ ᠲᠡᠬᠢ ᠨᠡᠷ᠎ᠠ ᠠᠯᠳᠠᠷ ᠢ ᠨᠡᠮᠡᠭᠳᠡᠭᠦᠯᠬᠦ ᠪᠤᠯᠤᠨ᠎ᠠ᠃

    ᠰᠠᠶ᠊ᠢᠬᠠᠨ ᠪᠠᠶᠢᠭᠤᠯᠤᠭᠳᠠᠭᠰᠠᠨ ᠮᠠᠨᠤ ᠬᠠᠰ ᠤᠨ ᠪᠠᠷᠢᠮᠵᠢᠶᠠᠵᠢᠭᠰᠠᠨ ᠮᠡᠷᠭᠡᠵᠢᠯ ᠤᠨ ᠵᠦᠪᠯᠡᠯ ᠨᠢ ᠭᠤᠤᠯᠳᠠᠭᠤ ᠮᠠᠨᠤ ᠬᠠᠰ ᠤᠨ ᠪᠠᠷᠢᠮᠵᠢᠶ᠎ᠠ ᠶᠢ ᠲᠤᠭᠲᠠᠭᠠᠬᠤ ᠠᠵᠢᠯᠯᠠᠭ᠎ᠠ ᠦᠷᠨᠢᠭᠦᠯᠵᠤ᠂ ᠮᠠᠨᠤ ᠬᠠᠰ ᠪᠤᠯᠪᠠᠰᠤᠷᠠᠭᠤᠯᠬᠤ᠂ ᠳᠠᠰ ᠬᠤᠪᠢᠶᠠᠬᠤ᠂ ᠰᠢᠯᠭᠠᠨ ᠪᠠᠶᠢᠴᠠᠭᠠᠬᠤ᠂ ᠦᠨᠡᠯᠡᠭᠡ ᠬᠢᠬᠦ ᠵᠡᠷᠭᠡ ᠪᠠᠷᠢᠮᠵᠢᠶ᠎ᠠ ᠶᠢᠨ ᠡᠮᠦᠨ᠎ᠠ ᠬᠤᠭᠤᠴᠠᠭᠠᠨ ᠤ ᠰᠤᠳᠤᠯᠭ᠎ᠠ ᠶᠢ ᠪᠠᠭᠳᠠᠭᠠᠵᠤ ᠪᠠᠶᠢᠳᠠᠭ᠃ ᠦᠪᠦᠷ ᠮᠣᠩᠭᠣᠯ ᠤᠨ ᠮᠠᠨᠤ ᠬᠠᠰ ᠤᠨ ᠬᠦᠷᠢᠶ᠎ᠠ ᠴᠡᠷ᠎ᠠ ᠳᠡᠬᠢ ᠪᠠᠷᠢᠮᠵᠢᠶᠠᠵᠢᠭᠰᠠᠨ ᠰᠤᠳᠤᠯᠤᠨ ᠦᠢᠯᠡᠳᠬᠦ ᠠᠵᠢᠯ ᠢ ᠡᠬᠢᠯᠡᠭᠦᠯᠵᠤ᠂ ᠮᠠᠨᠤ ᠬᠠᠰ ᠤᠨ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠵᠢᠴᠢ ᠦᠢᠯᠡᠴᠢᠭᠡᠨ ᠤ ᠠᠵᠢᠯ ᠢ ᠦᠷᠨᠢᠭᠦᠯᠦᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120686969