蒙古文网站Logo
ᠰᠢᠨᠬᠤᠸᠠ ᠮᠤᠩᠭ᠋ᠤᠯ ᠨᠧᠲ

ᠲᠤᠮᠤ ᠬᠡᠪᠴᠢᠶᠠᠨ ᠤ ᠪᠤᠶᠠᠨ ᠤ ᠦᠢᠯᠡᠰ ᠤᠨ ᠠᠵᠢᠯᠯᠠᠭ᠎ᠠ ᠪᠤᠭᠤᠲᠤ ᠬᠤᠲᠠ ᠳᠤ ᠶᠠᠪᠤᠭᠳᠠᠪᠠ

2017-03-27 11:24

    3 ᠰᠠᠷ᠎ᠠ ᠶᠢᠨ 23 ᠤ ᠡᠳᠦᠷ᠂ ᠳᠤᠮᠳᠠᠳᠤ ᠶᠢᠨ ᠦᠳᠡᠯᠦᠭᠡ ᠨᠠᠰᠤᠨ ᠤ ᠠᠵᠤ ᠦᠢᠯᠡᠰ ᠤᠨ ᠬᠦᠭ᠍ᠵᠢᠯᠲᠠ ᠶᠢᠨ ᠹᠤᠨᠳ᠋  ᠤᠨ ᠨᠡᠶᠢᠭᠡᠮᠯᠢᠭ᠌ ᠲᠤᠯᠤᠡᠭ ᠦᠳᠡᠯᠤᠭᠡ ᠨᠠᠰᠤᠲᠠᠳ ᠲᠤ ᠦᠢᠯᠡᠴᠢᠯᠡᠬᠦ ᠲᠦᠰᠦᠯ ᠤᠨ ᠬᠠᠮᠢᠶᠠᠷᠤᠯᠲᠠ ᠶᠢᠨ ᠵᠦᠪᠯᠡᠯ ᠡᠴᠡ ᠵᠤᠬᠢᠶᠠᠨ ᠪᠠᠶᠢᠭᠤᠯᠤᠭᠰᠠᠨ ᠭᠡᠷ ᠬᠤᠲᠠᠯᠠ ᠶᠢᠨ ᠵᠢᠷᠤᠭ ᠳᠤᠮᠳᠠᠳᠤ ᠶᠢᠨ ᠠᠵᠢᠯᠯᠠᠭ᠎ᠠ ᠶᠢ ᠲᠤᠯᠠᠭᠠᠴᠠᠭᠤᠯᠬᠤ ᠲᠤᠮᠤ ᠬᠡᠪᠴᠢᠶᠠᠨ ᠤ ᠪᠤᠶᠠᠨ ᠤ ᠦᠢᠯᠡᠰ ᠤᠨ ᠠᠵᠢᠯᠯᠠᠭ᠎ᠠ ᠪᠤᠭᠤᠲᠤ ᠬᠤᠲᠠ ᠳᠤ ᠶᠠᠪᠤᠭᠳᠠᠪᠠ᠃ ᠪᠤᠭᠤᠲᠤ ᠬᠤᠲᠠ ᠶᠢᠨ ᠬᠠᠷᠢᠶ᠎ᠠ ᠪᠦᠰᠡ ᠶᠢᠨ ᠬᠡᠰᠡᠭ ᠨᠠᠰᠤᠲᠠᠶᠢᠴᠤᠳ ᠤᠨ ᠬᠦᠷᠢᠶᠡᠯᠡᠩ 10 ᠲᠦᠮᠡᠨ ᠲᠦᠬᠦᠷᠢᠭ᠌ ᠤᠨ ᠦᠷᠲᠡᠭ ᠲᠠᠢ ᠪᠤᠳᠠᠭ᠎ᠠ ᠭᠤᠯᠢᠷ᠂ ᠠᠮᠤ ᠲᠤᠰᠤ ᠵᠢᠴᠢ ᠠᠮᠢᠳᠤᠷᠠᠯ ᠤᠨ ᠬᠡᠷᠡᠭᠯᠡᠭᠡᠨ ᠤ ᠪᠤᠳᠠᠰ ᠤᠯᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠲᠤᠮᠤ ᠬᠡᠪᠴᠢᠶᠠᠨ ᠤ ᠪᠤᠶᠠᠨ ᠤ ᠦᠢᠯᠡᠰ ᠤᠨ ᠠᠵᠢᠯᠯᠠᠭ᠎ᠠ ᠨᠢ ᠤᠯᠤᠰ ᠳᠠᠶᠠᠭᠠᠷ ᠲᠤ ᠨᠡᠶᠢᠲᠡ 100 ᠲᠠᠯᠠᠪᠠᠢ ᠬᠠᠨᠳᠢᠪᠯᠠᠬᠤ ᠠᠵᠢᠯᠯᠠᠭ᠎ᠠ ᠦᠷᠨᠢᠭᠦᠯᠬᠦ ᠪᠡᠷ ᠪᠤᠢ᠃ ᠦᠪᠦᠷ ᠮᠣᠩᠭᠣᠯ ᠳᠤ ᠬᠢᠩᠭ᠋ᠠᠨ ᠠᠶᠢᠮᠠᠭ᠂ ᠲᠦᠩᠯᠢᠶᠤᠤ ᠬᠤᠲᠠ᠂ ᠤᠯᠠᠭᠠᠨᠬᠠᠲᠠ ᠪᠤᠯᠤᠨ ᠪᠤᠭᠤᠲᠤ ᠶᠢᠨ ᠨᠠᠰᠤᠲᠠᠶᠢᠴᠤᠳ ᠤᠨ ᠬᠦᠷᠢᠶᠡᠯᠡᠩ ᠳᠤ ᠬᠠᠨᠳᠢᠪᠯᠠᠬᠤ ᠠᠵᠢᠯᠯᠠᠭ᠎ᠠ ᠦᠷᠨᠢᠭᠦᠯᠤᠨ ᠨᠡᠶᠢᠲᠡ 40 ᠲᠦᠮᠡᠨ ᠲᠦᠬᠦᠷᠢᠭ᠌ ᠤᠨ ᠪᠤᠳᠠᠭ᠎ᠠ ᠭᠤᠯᠢᠷ᠂ ᠠᠮᠤ ᠲᠤᠰᠤ ᠵᠢᠴᠢ ᠠᠮᠢᠳᠤᠷᠠᠯ ᠤᠨ ᠬᠡᠷᠡᠭᠯᠡᠭᠡᠨ ᠤ ᠪᠤᠳᠠᠰ ᠬᠠᠨᠳᠢᠪᠯᠠᠬᠤ ᠪᠡᠷ ᠪᠤᠢ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120701507