蒙古文网站Logo
ᠰᠢᠨᠬᠤᠸᠠ ᠮᠤᠩᠭ᠋ᠤᠯ ᠨᠧᠲ

ᠪᠤᠭᠤᠲᠤ ᠬᠤᠲᠠ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠤᠷᠴᠢᠨ ᠢ ᠪᠦᠬᠦ ᠲᠠᠯ᠎ᠠ ᠪᠡᠷ ᠵᠠᠰᠠᠨ ᠰᠡᠷᠭᠦᠭᠡᠬᠦ ᠪᠡᠷ ᠪᠤᠢ

2017-03-27 16:53

    2017 ᠡᠴᠡ 2025 ᠤᠨ ᠬᠦᠷᠲᠡᠯ᠎ᠠ᠂ ᠪᠤᠭᠤᠲᠤ ᠬᠤᠲᠠ 9 ᠵᠢᠯ ᠤᠨ ᠬᠤᠭᠤᠴᠠᠭ᠎ᠠ ᠶᠢ ᠠᠰᠢᠭᠯᠠᠵᠤ ᠳᠠᠯᠠᠨ ᠬᠠᠷ᠎ᠠ ᠠᠭᠤᠯᠠ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠬᠦᠯᠬᠦ ᠪᠡᠷ ᠪᠤᠢ᠃ ᠳᠠᠯᠠᠨ ᠬᠠᠷ᠎ᠠ ᠠᠭᠤᠯᠠ ᠶᠢᠨ ᠵᠠᠰᠠᠨ ᠰᠡᠷᠭᠦᠭᠡᠬᠦ ᠢᠨᠵᠧᠨᠧᠷᠢᠩ ᠨᠢ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠭ ᠤᠨ ᠤᠷᠳᠤᠨ ᠤ ᠭᠤᠤᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠮᠦᠨ ᠴᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠴᠡ ᠲᠤᠭᠲᠠᠭᠠᠭᠰᠠᠨ ᠨᠤᠭᠤᠭᠠᠷᠠᠭᠤᠯᠤᠯᠲᠠ ᠶᠢᠨ ᠢᠨᠵᠧᠨᠧᠷᠢᠩ ᠤᠨ ᠴᠢᠬᠤᠯᠠ ᠪᠦᠬᠦᠢ ᠪᠦᠷᠢᠯᠳᠦᠬᠦᠨ ᠬᠡᠰᠡᠭ᠃ ᠪᠤᠭᠤᠲᠤ ᠬᠤᠲᠠ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠪᠡᠷ ᠵᠤᠷᠢᠯᠭ᠎ᠠ ᠪᠤᠯᠭᠠᠨ ᠬᠦᠮᠦᠨ ᠤ ᠬᠦᠴᠦ ᠪᠡᠷ ᠵᠠᠰᠠᠬᠤ ᠪᠤᠯᠤᠨ ᠪᠠᠶᠢᠭᠠᠯᠢ ᠶᠢᠨ ᠦᠪᠡᠰᠦᠪᠡᠨ ᠰᠡᠷᠭᠦᠬᠦ ᠶᠢ ᠤᠶᠠᠯᠳᠤᠭᠤᠯᠬᠤ ᠠᠷᠭ᠎ᠠ ᠪᠡᠷ ᠳᠠᠯᠠᠨ ᠬᠠᠷ᠎ᠠ ᠠᠭᠤᠯᠠ ᠶᠢᠨ ᠤᠢ ᠰᠢᠭᠤᠢ ᠶᠢᠨ ᠰᠡᠷᠭᠦᠯᠲᠠ ᠶᠢ ᠲᠦᠷᠭᠡᠨ ᠠᠬᠢᠭᠤᠯᠤᠨ᠎ᠠ᠃ ᠠᠵᠤ ᠠᠬᠤᠢ ᠶᠢᠨ ᠤᠢ ᠰᠢᠭᠤᠢ ᠪᠤᠯᠤᠨ ᠦᠵᠡᠮᠵᠢ ᠶᠢᠨ ᠤᠢ ᠰᠢᠭᠤᠢ ᠶᠢ ᠪᠠᠶᠢᠭᠤᠯᠬᠤ ᠪᠡᠷ ᠠᠷᠭ᠎ᠠ ᠠᠪᠴᠠᠯ ᠪᠤᠯᠭᠠᠨ᠂ ᠤᠢ ᠰᠢᠭᠤᠢ ᠶᠢᠨ ᠠᠵᠤ ᠦᠢᠯᠡᠰ ᠤᠨ ᠬᠦᠭ᠍ᠵᠢᠯᠲᠠ ᠶᠢᠨ ᠲᠠᠪᠴᠠᠩ ᠢ ᠪᠦᠲᠦᠭᠡᠨ ᠪᠠᠶᠢᠭᠤᠯᠤᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ᠎ᠠ᠃ ᠤᠯᠤᠰ ᠤᠨ ᠤᠢ ᠰᠢᠭᠤᠢ ᠶᠢᠨ ᠬᠦᠷᠢᠶᠡᠯᠡᠩ᠂ ᠠᠮᠢ ᠠᠬᠤᠢ ᠶᠢᠨ ᠬᠦᠷᠢᠶᠡᠯᠡᠩ ᠢᠶᠡᠷ ᠳᠠᠶᠢᠴᠢᠯᠠᠭᠤᠯᠵᠤ᠂ ᠤᠢ ᠰᠢᠭᠤᠢ ᠶᠢᠨ ᠵᠢᠭᠤᠯᠴᠢᠯᠠᠯ ᠢ ᠬᠦᠭ᠍ᠵᠢᠭᠦᠯᠦᠨ᠎ᠠ᠃ ᠳᠠᠯᠠᠨ ᠬᠠᠷ᠎ᠠ ᠠᠭᠤᠯᠠ ᠶᠢ ᠪᠤᠭᠤᠲᠤ ᠬᠤᠲᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠦᠷᠬᠦᠪᠴᠢ᠂ ᠪᠤᠬᠢᠷᠳᠤᠯ ᠦᠭᠡᠢ ᠠᠵᠤ ᠦᠢᠯᠡᠰ ᠤᠨ ᠬᠦᠭ᠍ᠵᠢᠯᠲᠠ ᠶᠢᠨ ᠰᠠᠭᠤᠷᠢᠨ ᠪᠤᠯᠤᠨ ᠤᠢ ᠰᠢᠭᠤᠢ ᠶᠢᠨ ᠵᠢᠭᠤᠯᠴᠢᠯᠠᠯ ᠤᠨ ᠤᠷᠤᠨ ᠪᠤᠯᠭᠠᠬᠤ ᠪᠡᠷ ᠪᠤᠢ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120703859