蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠦᠨᠦ ᠬᠠᠪᠤᠷ ᠭᠠᠩᠳᠠᠬᠤ ᠪᠤᠯᠤᠮᠵᠢ ᠪᠠᠭ᠎ᠠ

2017-03-27 16:53

    ᠦᠪᠦᠷ ᠮᠣᠩᠭᠣᠯ ᠬᠠᠪᠤᠷ ᠲᠤ ᠪᠡᠨ ᠭᠠᠩᠲᠠᠬᠤ ᠪᠠᠶᠢᠳᠠᠯ ᠨᠢ ᠭᠤᠤᠯᠳᠠᠭᠤ ᠠᠭᠤᠷ ᠠᠮᠢᠰᠬᠤᠯ ᠤᠨ ᠨᠦᠯᠦᠭᠡ ᠶᠢ ᠬᠦᠷᠲᠡᠵᠤ ᠪᠠᠶᠢᠳᠠᠭ᠃ ᠦᠩᠭᠡᠷᠡᠭᠰᠡᠨ 57 ᠵᠢᠯ ᠤᠨ ᠲᠤᠷᠰᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠳᠤ 20 ᠤᠳᠠᠭ᠎ᠠ ᠨᠡᠶᠢᠳᠡᠮ ᠳᠤ ᠪᠡᠨ ᠲᠤᠨᠤᠳᠠᠰᠤ ᠪᠠᠭ᠎ᠠ ᠬᠠᠪᠤᠷ ᠡᠷᠲᠠ ᠤᠷᠤᠬᠰᠠᠨ ᠴᠠᠭ ᠠᠭᠤᠷ ᠤᠨ ᠪᠠᠶᠢᠳᠠᠯ ᠢᠯᠡᠷᠡᠵᠤ᠂ ᠭᠤᠷᠪᠠᠨ ᠵᠢᠯ ᠳᠠᠷᠠᠭᠠᠯᠠᠨ ᠬᠠᠪᠤᠷ ᠡᠷᠲᠡ ᠤᠷᠤᠭᠰᠠᠨ ᠠᠭᠤᠷ ᠠᠮᠢᠰᠬᠤᠯ 2 ᠤᠳᠠᠭ᠎ᠠ ᠢᠯᠡᠷᠡᠵᠠᠢ᠃ ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠶᠢᠨ ᠲᠦᠯᠦᠪᠯᠡᠭᠰᠡᠨ ᠢᠶᠡᠷ 2017 ᠤᠨ ᠳᠤ ᠤᠷᠤᠨ ᠳᠠᠶᠠᠭᠠᠷ ᠲᠤ ᠬᠠᠪᠤᠷ ᠡᠷᠲᠡ ᠤᠷᠤᠬᠤ ᠪᠤᠯᠤᠮᠵᠢ ᠪᠠᠭ᠎ᠠ ᠪᠠᠶᠢᠵᠤ᠂ ᠬᠡᠰᠡᠭ ᠲᠠᠷᠢᠶᠠᠯᠠᠬᠤ ᠪᠦᠰᠡ ᠶᠢᠨ ᠬᠠᠪᠤᠷ ᠤᠨ ᠲᠤᠨᠤᠳᠠᠰᠤᠨ ᠤ ᠬᠡᠮᠵᠢᠶ᠎ᠠ ᠤᠷᠢᠳᠴᠢᠯᠠᠨ ᠲᠤᠭᠠᠴᠠᠯᠠᠭᠰᠠᠨ ᠢᠶᠡᠷ ᠡᠩ ᠤᠨ ᠵᠢᠯ ᠡᠴᠡ 2 ᠲᠠᠬᠢᠨ ᠢᠯᠡᠭᠦᠦ᠃ ᠡᠯ᠎ᠠ ᠪᠦᠰᠡ ᠨᠤᠲᠤᠭ ᠤᠨ ᠲᠠᠷᠢᠶᠠᠯᠠᠬᠤ ᠤᠷᠤᠨ ᠪᠦᠰᠡ ᠨᠤᠲᠤᠭ ᠤᠨ ᠪᠠᠶᠢᠳᠠᠯ ᠳᠤ ᠪᠡᠨ ᠲᠤᠬᠢᠷᠠᠭᠤᠯᠬᠤ ᠶᠢ ᠰᠠᠨᠠᠭᠠᠴᠢᠯᠠᠵᠤ᠂ ᠤᠰᠤ ᠬᠦᠷᠦᠰᠦᠨ ᠤ ᠬᠠᠳᠠᠭᠠᠯᠠᠬᠤ ᠠᠷᠭ᠎ᠠ ᠬᠡᠮᠵᠢᠶ᠎ᠠ ᠶᠢ ᠴᠢᠩᠭ᠋ᠠᠳᠬᠠᠨ᠂ ᠦᠨᠦ ᠵᠢᠯ ᠤᠨ ᠠᠮᠤ ᠪᠤᠳᠠᠭ᠎ᠠ ᠡᠯᠪᠡᠭ᠌ ᠬᠤᠷᠢᠶᠠᠯᠲᠠ ᠤᠯᠬᠤ ᠶᠢ ᠪᠠᠲᠤᠯᠠᠬᠤ ᠪᠡᠷ ᠴᠢᠷᠮᠠᠶᠢᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠳᠤᠮᠳᠠᠳᠤ ᠤᠯᠤᠰ ᠤᠨ ᠴᠠᠭ ᠠᠭᠤᠷ ᠤᠨ ᠨᠸᠲ ᠤᠨ ᠦᠪᠦᠷ ᠮᠣᠩᠭᠣᠯ ᠳᠡᠬᠢ ᠦᠷᠲᠡᠭᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120703865