蒙古文网站Logo
ᠰᠢᠨᠬᠤᠸᠠ ᠮᠤᠩᠭ᠋ᠤᠯ ᠨᠧᠲ

ᠵᠠᠯᠠᠨ ᠠᠶᠢᠯ ᠬᠤᠲᠠ ᠤᠯᠤᠰ ᠤᠨ ᠤᠶᠤᠨ ᠤ ᠦᠮᠴᠢ ᠶᠢᠨ ᠡᠷᠬᠡ ᠶᠢᠨ ᠢᠨᠵᠧᠨᠧᠷᠢᠩ ᠤᠨ ᠲᠤᠷᠰᠢᠯᠲᠠ ᠶᠢᠨ ᠰᠢᠶᠠᠨ ᠪᠤᠯᠪᠠ

2017-03-28 10:58

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠶᠤᠨ ᠤ ᠦᠮᠴᠢ ᠶᠢᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠲᠦᠷᠦᠭᠦᠬᠡᠨ ᠬᠦᠯᠦᠨ ᠪᠤᠶᠢᠷ ᠬᠤᠳᠠ ᠢᠢᠨ ᠵᠠᠯᠠᠨ ᠠᠶᠢᠯ ᠬᠤᠲᠠ ᠶᠢ ᠤᠯᠤᠰ ᠤᠨ ᠤᠶᠤᠨ ᠤ ᠦᠮᠴᠢ ᠶᠢᠨ ᠲᠤᠪᠴᠢᠶ᠎ᠠ ᠡᠴᠡ ᠰᠢᠨ᠎ᠠ ᠡᠭᠡᠯᠵᠢ ᠶᠢᠨ ᠤᠯᠤᠰ ᠤᠨ ᠤᠶᠤᠨ ᠤ ᠦᠮᠴᠢ ᠶᠢᠨ ᠬᠦᠴᠦᠷᠭᠡᠭ᠌ ᠰᠢᠶᠠᠨ ᠤ ᠢᠨᠵᠧᠨᠧᠷᠢᠩ ᠤᠨ ᠲᠤᠷᠰᠢᠯᠲᠠ ᠶᠢᠨ ᠰᠢᠶᠠᠨ ᠢᠶᠡᠷ ᠲᠤᠬᠳᠠᠭᠠᠵᠠᠢ᠃ ᠲᠤᠷᠰᠢᠯᠲᠠ ᠶᠢᠨ ᠬᠤᠭᠤᠴᠠᠭ᠎ᠠ ᠨᠢ 2017 ᠤᠨ ᠤ 3 ᠰᠠᠷ᠎ᠠ ᠡᠴᠡ 2019 ᠤᠨ ᠤ 3 ᠰᠠᠷ᠎ᠠ ᠪᠤᠯᠳᠠᠯ᠎ᠠ᠃ ᠡᠭᠦᠨ ᠡᠴᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠤᠯᠤᠰ ᠤᠨ ᠤᠶᠤᠨ ᠤ ᠦᠮᠴᠢ ᠶᠢᠨ ᠬᠦᠴᠦᠷᠬᠡᠭ᠌ ᠰᠢᠶᠠᠨ ᠤ ᠢᠨᠵᠧᠨᠧᠷᠢᠩ ᠤᠨ ᠲᠤᠷᠰᠢᠯᠲᠠ ᠶᠢᠨ ᠵᠢᠬᠰᠠᠭᠠᠯᠲᠠ ᠳᠤ ᠤᠷᠤᠬᠰᠠᠨ ᠰᠢᠶᠠᠨ᠂ ᠬᠤᠲᠠ᠂ ᠤᠷᠤᠨ 5 ᠪᠤᠯᠪᠠ᠃ ᠨᠦᠭᠦᠭᠡ ᠳᠦᠷᠪᠡ ᠨᠢ ᠬᠦᠬᠡᠬᠤᠲᠠ ᠶᠢᠨ ᠬᠤᠷᠢᠨᠭᠡᠷ ᠰᠢᠶᠠᠨ᠂ ᠪᠤᠭᠤᠲᠤ ᠬᠤᠲᠠ ᠶᠢᠨ ᠬᠦᠨᠳᠡᠯᠡᠨ ᠲᠤᠭᠤᠷᠢᠭ᠂ ᠤᠷᠳᠤᠰ ᠬᠤᠲᠠ ᠶᠢᠨ ᠳ᠋ᠦᠩᠱᠸᠩ ᠲᠤᠭᠤᠷᠢᠭ ᠪᠤᠯᠤᠨ ᠤᠯᠠᠭᠠᠨᠬᠠᠲᠠ ᠬᠤᠳᠠ ᠢᠢᠨ ᠶᠤᠸᠠᠨ ᠪᠤᠤ ᠱᠠᠨ ᠲᠤᠭᠤᠷᠢᠭ᠃ ᠤᠶᠢᠯᠠᠭᠠᠭᠰᠠᠨ ᠢᠶᠡᠷ᠂ ᠤᠯᠤᠰ ᠤᠨ ᠤᠶᠤᠨ ᠤ ᠦᠮᠴᠢ ᠶᠢᠨ ᠲᠤᠪᠴᠢᠶ᠎ᠠ ᠡᠴᠡ ᠲᠤᠰᠬᠠᠢ ᠪᠡᠯᠡ ᠮᠦᠩᠭᠦ ᠭᠠᠷᠭᠠᠵᠦ᠂ ᠤᠯᠤᠰ ᠤᠨ ᠤᠶᠤᠨ ᠤ ᠦᠮᠴᠢ ᠶᠢᠨ ᠬᠦᠴᠦᠷᠭᠡᠭ᠌ ᠰᠢᠶᠠᠨ ᠤ ᠢᠨᠵᠧᠨᠧᠷᠢᠩ ᠤᠨ ᠲᠤᠷᠰᠢᠯᠲᠠ ᠳ᠋ᠤ ᠠᠮᠵᠢᠯᠲᠠ ᠪᠡᠷ ᠳᠤᠪᠤᠶᠢᠮ᠎ᠠ ᠰᠢᠶᠠᠨ ᠳᠤ ᠳᠡᠮᠵᠢᠯᠭᠡ ᠦᠵᠡᠭᠦᠯᠦᠨ᠎ᠠ᠂ ᠮᠦᠨ ᠲᠤᠰᠬᠠᠢ ᠮᠡᠷᠭᠡᠵᠢᠯᠳᠡᠨ ᠤ ᠪᠠᠭ ᠪᠠᠶᠢᠭᠤᠯᠵᠤ ᠲᠡᠭᠡᠲᠤ ᠵᠡᠷᠭᠡ ᠶᠢᠨ ᠳᠠᠰᠬᠠᠯᠵᠢᠭᠤᠯᠤᠯ᠂ ᠰᠢᠶ᠋ᠳᠪᠦᠷᠢ ᠪᠤᠳᠤᠯᠭ᠎ᠠ ᠶᠢᠨ ᠯᠠᠪᠯᠠᠭ᠎ᠠ᠂ ᠬᠠᠤᠯᠢ ᠳᠦᠷᠢᠮ ᠲᠤᠭᠲᠠᠭᠠᠬᠤ᠂ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠵᠡᠷᠭᠡ ᠲᠠᠯ᠎᠎ᠠ ᠳᠤ ᠵᠢᠭᠠᠨ ᠵᠢᠯᠤᠭᠤᠳᠤᠯᠭ᠎ᠠ ᠪᠤᠯᠤᠨ ᠲᠡᠮᠵᠢᠯᠭᠡ ᠦᠵᠡᠭᠦᠯᠦᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120708751