蒙古文网站Logo
ᠰᠢᠨᠬᠤᠸᠠ ᠮᠤᠩᠭ᠋ᠤᠯ ᠨᠧᠲ

ᠡᠢ ᠯᠢ ᠳᠡᠯᠡᠬᠡᠢ ᠶᠢᠨ ᠰᠦᠨ ᠤ ᠦᠢᠯᠡᠰ ᠤᠨ 《 ᠬᠤᠤᠰ ᠮᠠᠩᠯᠠᠢ》 ᠪᠤᠯᠪᠠ

2017-03-28 10:58

    ᠲᠦᠷᠦᠭᠦᠬᠡᠨ᠂ ᠡᠢ ᠯᠢ ᠪᠦᠯᠦᠭᠯᠡᠯ《Brand Finance ᠳᠡᠯᠡᠬᠡᠢ ᠶᠢᠨ ᠰᠦᠨ ᠤ ᠦᠢᠯᠡᠰ ᠤᠨ ᠪᠷᠸᠨ᠋ᠳ᠋ ᠤᠨ 100 ᠬᠦᠴᠦᠷᠬᠡᠭ᠌》 ᠪᠤᠯᠤᠨ 《 2017 ᠤᠨ ᠤ BrandZTM ᠳᠤᠮᠳᠠᠳᠤ ᠶᠢᠨ ᠬᠠᠮᠤᠭ ᠤᠨ ᠦᠨ᠎ᠠ ᠦᠷᠲᠡᠭ ᠪᠦᠬᠦᠢ ᠪᠷᠸᠨ᠋ᠳ᠋ ᠤᠨ 100 ᠬᠦᠴᠦᠷᠬᠡᠭ᠌》 ᠤ᠋ᠨ ᠵᠢᠬᠰᠠᠭᠠᠯᠲᠠ ᠳᠤ ᠲᠡᠷᠢᠭᠦᠨ ᠳᠤ ᠪᠠᠶᠢᠷᠢᠯᠠᠵᠤ᠂ ᠳᠡᠯᠡᠬᠡᠢ ᠶᠢᠨ ᠰᠦᠨ ᠤ ᠦᠢᠯᠡᠰ ᠤᠨ 《 ᠬᠤᠤᠰ ᠮᠠᠩᠯᠠᠢ》ᠪᠤᠯᠤᠭᠰᠠᠨ ᠪᠠᠶᠢᠨ᠎ᠠ᠃ ᠳᠡᠯᠡᠬᠡᠢ ᠶᠢᠨ ᠪᠷᠸᠨ᠋ᠳ᠋ ᠤᠨ ᠦᠷᠲᠡᠭ ᠤᠨ ᠦᠨᠡᠯᠡᠯᠲᠡ ᠶᠢᠨ ᠡᠷᠬᠡ ᠬᠦᠨᠳᠤᠲᠤ ᠪᠠᠶᠢᠭᠤᠯᠤᠯᠭ᠎ᠠ Brand Finance ᠡᠴᠡ ᠨᠡᠶᠢᠲᠡᠯᠡᠭᠰᠡᠨ 2017 ᠤᠨ ᠤ Brand Finance ᠳᠡᠯᠡᠬᠡᠢ ᠶᠢᠨ ᠰᠦᠨ ᠤ ᠦᠢᠯᠡᠰ ᠤᠨ ᠪᠷᠸᠨ᠋ᠳ᠋ ᠤᠨ ᠦᠷᠲᠡᠭ ᠤᠨ ᠵᠢᠬᠰᠠᠭᠠᠯᠲᠠ ᠳᠤ ᠡᠢ ᠯᠢ ᠠᠽᠢᠶ᠎ᠠ ᠲᠢᠪ ᠲᠤ ᠲᠡᠷᠢᠭᠦᠯᠡᠵᠠᠢ᠃ ᠪᠷᠸᠨ᠋ᠳ᠋ ᠤᠨ ᠬᠦᠴᠦᠷᠬᠡᠭ᠌ ᠤᠨ ᠬᠡᠮᠵᠢᠶ᠎ᠠ ᠨᠢ ᠳᠡᠯᠡᠬᠡᠢ ᠶᠢᠨ ᠲᠡᠷᠢᠬᠦᠨ ᠳᠤ ᠪᠠᠶᠢᠷᠢᠯᠠᠵᠤ ᠠᠽᠢᠶ᠎ᠠ ᠲᠢᠪ ᠤᠨ ᠰᠦᠨ ᠤ ᠦᠢᠯᠡᠰ ᠤᠨ ᠤᠳᠤ ᠳᠤ ᠬᠦᠷᠲᠡᠯᠡᠬᠢ ᠬᠠᠮᠤᠭ ᠤᠨ ᠰᠠᠶᠢᠨ ᠦᠷ᠎ᠠ ᠪᠦᠳᠦᠮᠵᠢ ᠢᠢ ᠤᠯᠤᠭᠰᠠᠨ ᠪᠠᠶᠢᠨ᠎ᠠ᠃ ᠡᠬᠦᠨ ᠤ ᠬᠠᠮᠲᠤ ᠳᠡᠯᠡᠬᠡᠢ ᠲᠡᠬᠢᠨ ᠤ ᠠᠯᠳᠠᠷᠲᠠᠢ ᠤᠯᠠᠮᠵᠢᠯᠠᠭ᠎ᠠ ᠶᠢᠨ ᠦᠢᠯᠡᠴᠢᠯᠡᠭᠡᠨ ᠤ ᠪᠦᠯᠦᠭᠯᠡᠯ wpp ᠡᠴᠡ ᠨᠡᠶᠢᠲᠡᠯᠡᠭᠰᠡᠨ 《 2017 ᠤᠨ ᠤ BrandZTM ᠳᠤᠮᠳᠠᠳᠤ ᠶᠢᠨ ᠬᠠᠮᠤᠭ ᠤᠨ ᠦᠨ᠎ᠠ ᠦᠷᠲᠡᠭ ᠪᠦᠬᠦᠢ ᠪᠷᠸᠨ᠋ᠳ᠋ ᠤᠨ 100 ᠬᠦᠴᠦᠷᠬᠡᠭ᠌》 ᠳᠤ ᠡᠢ ᠯᠢ ᠮᠦᠨ ᠳᠠᠪᠠᠮᠠᠭᠠᠢ ᠪᠠᠶᠢᠵᠤ ᠲᠠᠷᠢᠭᠦᠯᠡᠵᠠᠢ᠃ ( ᠳᠠᠳᠤᠯᠭ᠎᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120708765