蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠲᠢᠶᠠᠨᠵᠢᠨ ᠾᠸᠪᠸᠢ ᠦᠪᠦᠷ ᠮᠣᠩᠭᠣᠯ ᠤᠨ ᠪᠦᠰᠡ ᠠᠯᠭᠠᠰᠠᠭᠰᠠᠨ ᠠᠵᠢᠯ ᠤᠯᠭᠤᠯᠲᠠ ᠶᠢ ᠠᠬᠢᠭᠤᠯᠵᠤ ᠠᠵᠢᠯ ᠤᠨ ᠪᠠᠶᠢᠷᠢ ᠬᠠᠩᠭ᠋ᠠᠬᠤ ᠠᠵᠢᠯᠯᠠᠭ᠎ᠠ 4 ᠰᠠᠷ᠎ᠠ ᠳᠤ ᠶᠠᠪᠤᠭᠳᠠᠨ᠎ᠠ

2017-03-31 10:31

    ᠰᠢᠨᠬᠤᠸᠠ ᠬᠤᠷᠢᠶ᠎ᠠ ᠬᠦᠬᠡᠬᠤᠲᠠ ᠶᠢᠨ 3 ᠰᠠᠷ᠎ᠠ ᠶᠢᠨ 30 ᠤ ᠡᠳᠦᠷ ᠤᠨ ᠴᠠᠬᠢᠯᠠᠭᠠᠨ ᠮᠡᠳᠡᠭᠡ ( ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠬᠡᠬᠤᠲᠠ ᠶᠢᠨ ᠬᠦᠮᠦᠨ ᠤ ᠨᠦᠬᠡᠴᠡ ᠪᠤᠯᠤᠨ ᠨᠡᠶᠢᠭᠡᠮ ᠤᠨ ᠪᠠᠳᠤᠯᠠᠭᠠᠨ ᠤ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠪᠡᠭᠡᠵᠢᠩ ᠲᠢᠶᠠᠨᠵᠢᠨ ᠾᠸᠪᠸᠢ ᠦᠪᠦᠷ ᠮᠣᠩᠭᠣᠯ ᠤᠨ ᠪᠦᠰᠡ ᠠᠯᠭᠠᠰᠠᠭᠰᠠᠨ ᠠᠵᠢᠯ ᠤᠯᠭᠤᠯᠲᠠ ᠶᠢ ᠠᠬᠢᠭᠤᠯᠵᠤ ᠠᠵᠢᠯ ᠤᠨ ᠪᠠᠶᠢᠷᠢ ᠬᠠᠩᠭ᠋ᠠᠬᠤ ᠠᠵᠢᠯᠯᠠᠭ᠎ᠠ 4 ᠰᠠᠷ᠎ᠠ ᠶᠢᠨ 8 ᠡᠴᠡ 9 ᠤ ᠡᠳᠦᠷ ᠪᠤᠯᠳᠠᠯ᠎ᠠ ᠦᠪᠦᠷ ᠮᠣᠩᠭᠣᠯ ᠤᠨ ᠤᠯᠠᠨ ᠤᠯᠤᠰ ᠤᠨ ᠦᠵᠡᠰᠭᠦᠯᠡᠩ ᠤᠨ ᠲᠦᠪ ᠲᠤ ᠶᠠᠪᠤᠭᠳᠠᠬᠤ ᠪᠡᠷ ᠪᠤᠢ᠃

    ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠠᠵᠢᠯᠯᠠᠭ᠎ᠠ  ᠢᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ᠂ ᠪᠡᠭᠡᠵᠢᠩ ᠬᠤᠲᠠ᠂ ᠲᠢᠶᠡᠨᠵᠢᠨ ᠬᠤᠲᠠ᠂ ᠾᠸᠪᠸᠢ ᠮᠤᠵᠢ ᠶᠢᠨ ᠠᠵᠢᠯᠴᠢᠨ ᠤ ᠶᠡᠷᠦᠩᠭᠡᠢ ᠡᠪᠯᠡᠯ ᠵᠡᠷᠭᠡ ᠰᠠᠯᠠᠭ᠎ᠠ ᠮᠦᠴᠢᠷ ᠬᠠᠮᠳᠤᠪᠠᠷ ᠵᠤᠬᠢᠶᠠᠨ ᠪᠠᠶᠢᠭᠤᠯᠵᠤ᠂《 ᠠᠵᠢᠯ ᠤᠯᠭᠤᠯᠲᠠ ᠪᠡᠷ ᠦᠢᠯᠡᠰ ᠢᠶᠡᠨ ᠪᠦᠲᠦᠭᠡᠵᠤ᠂ ᠠᠳᠠᠯ ᠪᠤᠰᠬᠠᠯᠲᠠ ᠪᠡᠷ ᠬᠦᠰᠡᠯᠡᠩ ᠢᠶᠡᠨ ᠪᠡᠶᠡᠯᠡᠭᠦᠯᠬᠦ》 ᠪᠡᠷ ᠭᠤᠤᠯ ᠰᠡᠳᠦᠪ ᠪᠤᠯᠭᠠᠨ᠂ ᠪᠡᠭᠡᠵᠢᠩ᠂ ᠲᠢᠶᠠᠨᠵᠢᠨ᠂ ᠾᠸᠪᠸᠢ ᠵᠡᠷᠭᠡ ᠪᠦᠰᠡ ᠨᠤᠲᠤᠭ ᠤᠨ ᠵᠠᠭᠤᠭᠠᠳ ᠠᠵᠤ ᠠᠬᠤᠶᠢᠯᠠᠯ ᠢ ᠤᠷᠢᠵᠤ᠂ ᠠᠵᠢᠯᠲᠠᠨ ᠡᠯᠰᠡᠬᠦ ᠪᠠᠶᠢᠭᠤᠯᠤᠯᠭ᠎ᠠ ᠨᠡᠶᠢᠲᠡ 600 ᠶ᠋ᠢ ᠤᠷᠤᠯᠴᠠᠭᠤᠯᠤᠨ᠎ᠠ᠂ ᠤᠷᠢᠳᠴᠢᠯᠠᠨ ᠲᠤᠭᠠᠴᠠᠭᠠᠯᠠᠭᠰᠠᠨ ᠢᠶᠡᠷ ᠠᠵᠢᠯ ᠤᠨ ᠪᠠᠶᠢᠷᠢ ᠳᠤ ᠭᠠᠷᠬᠤ ᠱᠠᠭᠠᠷᠳᠠᠯᠭ᠎ᠠ ᠲᠠᠢ 3 ᠲᠦᠮᠡ ᠭᠠᠷᠤᠢ ᠬᠦᠮᠦᠨ ᠤᠷᠤᠯᠴᠠᠬᠤ ᠪᠤᠯᠤᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120730867