蒙古文网站Logo
ᠰᠢᠨᠬᠤᠸᠠ ᠮᠤᠩᠭ᠋ᠤᠯ ᠨᠧᠲ

ᠪᠤᠭᠤᠲᠤ ᠡᠴᠡ ᠠᠯᠠᠱᠠ ᠵᠡᠭᠦᠨ ᠬᠤᠰᠢᠭᠤ ᠴᠢᠭᠯᠡᠯ ᠤᠨ ᠠᠭᠠᠷ ᠠᠶᠠᠯᠯ ᠤᠨ ᠱᠤᠭᠤᠮ ᠨᠡᠪᠳᠡᠷᠡᠪᠡ

2017-04-01 11:19

    3 ᠰᠠᠷ᠎ᠠ ᠶᠢᠨ 31 ᠤ 11᠄ 30 ᠴᠠᠭ ᠲᠤ᠂ 《 ᠹᠸᠢ ᠬᠤᠩ 300》 ᠨᠡᠷᠡᠮᠵᠢᠲᠤ ᠵᠢᠵᠢᠭ᠌ ᠬᠡᠯᠪᠡᠷᠢ ᠶᠢᠨ ᠬᠡᠢ ᠪᠡᠷ ᠲᠡᠶᠢᠷᠡᠬᠦ ᠨᠢᠰᠬᠦ ᠤᠩᠭ᠋ᠤᠴᠠ ᠪᠤᠭᠤᠲᠤ ᠬᠤᠲᠠ ᠶᠢᠨ ᠨᠢᠰᠬᠦ ᠤᠩᠭ᠋ᠤᠴᠠᠨ ᠤ ᠪᠠᠭᠤᠳᠠᠯ ᠡᠴᠡ ᠨᠢᠰᠪᠡ᠃ ᠪᠤᠭᠤᠲᠤ- ᠠᠯᠠᠱᠠ ᠵᠡᠭᠦᠨ ᠬᠤᠰᠢᠭᠤ ᠬᠦᠷᠬᠦ ᠠᠩᠬᠠᠨ ᠤ ᠨᠢᠰᠦᠯᠭᠡ ᠠᠮᠵᠢᠯᠲᠠ ᠲᠠᠢ ᠭᠠᠵᠠᠷᠳᠠᠪᠠ᠃ ᠤᠶᠢᠯᠠᠭᠠᠭᠰᠠᠨ ᠢᠶᠡᠷ᠂ ᠤᠯᠤᠰ ᠤᠨ ᠳᠤᠲᠤᠭᠠᠲᠤ ᠳᠤ ᠬᠠᠮᠤᠭ ᠤᠨ ᠠᠩᠬ᠎ᠠ ᠤᠳᠠᠭ᠎ᠠ ᠡᠶᠢᠮᠦᠷᠬᠦ ᠨᠢᠰᠬᠦ ᠤᠩᠭ᠋ᠤᠴᠠᠨ ᠤ ᠵᠠᠭᠪᠤᠷ ᠢ ᠤᠬᠤᠷ ᠬᠤᠭᠤᠴᠠᠭᠠᠨ ᠤ ᠵᠦᠭᠡᠭᠡᠪᠦᠷᠢ ᠳᠤ ᠬᠡᠷᠡᠭᠯᠡᠵᠤ ᠪᠤᠢ᠃

    ᠲᠤᠰ ᠠᠭᠠᠷ ᠠᠶᠠᠯᠠᠯ ᠤᠨ ᠱᠤᠭᠤᠮ ᠨᠢ ᠤᠷᠳᠤᠰ ᠬᠤᠲᠠ ᠳᠤ ᠨᠡᠪᠲᠡᠷᠡᠳᠡᠭ 《 ᠹᠸᠢ ᠬᠤᠩ 300》 ᠨᠡᠷᠡᠮᠵᠢᠲᠤ ᠨᠢᠰᠬᠦ ᠤᠩᠭ᠋ᠤᠴᠠ ᠪᠡᠷ ᠨᠢᠰᠴᠤ᠂ ᠨᠢᠰᠦᠯᠭᠡ ᠶᠢᠨ ᠳ᠋ᠤᠭᠠᠷ ᠨᠢ XM3001/2᠂ ᠡᠳᠦᠷ ᠲᠤ ᠨᠢᠭᠡ ᠨᠢᠰᠦᠯᠭᠡ ᠲᠠᠢ᠃ ᠪᠤᠲᠠᠲᠠᠢ ᠨᠢᠰᠦᠯᠭᠡ ᠨᠢ 10᠄ 00 ᠴᠠᠭ ᠲᠤ ᠪᠤᠭᠤᠲᠤ ᠡᠴᠡ ᠨᠢᠰᠴᠤ᠂ 11᠄ 00 ᠠᠯᠱᠠ ᠵᠡᠭᠦᠨ ᠬᠤᠰᠢᠭᠤᠨ ᠳᠤ ᠭᠠᠵᠠᠷᠲᠠᠨ᠎ᠠ᠃ 15᠄ 00 ᠴᠠᠭ ᠲᠤ ᠠᠯᠱᠠ ᠵᠡᠭᠦᠨ ᠬᠤᠰᠢᠭᠤᠨ ᠡᠴᠡ ᠨᠢᠰᠴᠤ᠂ 16᠄ 00 ᠴᠠᠭ ᠲᠤ ᠪᠤᠭᠤᠲᠤ ᠬᠤᠲᠠ ᠳᠤ ᠭᠠᠵᠠᠷᠲᠠᠨ᠎ᠠ᠃ ᠡᠨᠡᠬᠦ ᠠᠭᠠᠷ ᠠᠶᠠᠯᠠᠯ ᠤᠨ ᠱᠤᠭᠤᠮ ᠨᠢ ᠤᠷᠠᠳ ᠤᠨ ᠳᠤᠮᠳᠠᠳᠤ ᠬᠤᠰᠢᠭᠤᠨ ᠡᠴᠡ ᠳᠠᠷᠠᠭᠠᠬᠢ᠂ ᠪᠤᠭᠤᠲᠤ ᠶᠢᠨ ᠨᠢᠰᠬᠦ ᠤᠩᠭ᠋ᠤᠴᠠᠨ ᠤ ᠪᠠᠭᠤᠳᠠᠯ ᠡᠴᠡ ᠨᠡᠪᠲᠡᠷᠡᠭᠦᠯᠵᠤ ᠪᠠᠶᠢᠭ᠎ᠠ ᠬᠤᠶᠠᠳᠡᠬᠢ ᠠᠶᠢᠮᠠᠭ ᠬᠤᠲᠠ ᠠᠯᠤᠰᠯᠠᠭᠰᠠᠨ ᠠᠭᠠᠷ ᠠᠶᠠᠯᠠᠯ ᠤᠨ ᠱᠤᠭᠤᠮ ᠮᠦᠨ᠃ ( ᠳᠠᠳᠤᠯᠭ᠎ᠠ᠎ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120738925