蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠦᠨᠦ ᠵᠢᠯ ᠤᠨ 4 ᠰᠠᠷ᠎ᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠤᠬᠢᠷᠠᠭᠤᠯᠤᠯᠲᠠ ᠶᠢ ᠨᠡᠶᠢᠲᠡᠯᠡᠪᠡ

2017-04-01 11:19

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠦᠨᠦ ᠵᠢᠯ ᠤᠨ 4 ᠰᠠᠷ᠎ᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠤᠬᠢᠷᠠᠭᠤᠯᠤᠯᠲᠠ ᠶᠢ ᠨᠡᠶᠢᠲᠡᠯᠡᠪᠡ᠃ ᠦᠴᠦᠭᠡᠳᠦᠷ᠂ ᠦᠪᠦᠷ ᠮᠣᠩᠭᠣᠯ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠡᠴᠡ 《 ᠦᠪᠦᠷ ᠮᠣᠩᠭᠣᠯ ᠤᠨ ᠰᠤᠷᠤᠭᠴᠢ ᠡᠯᠰᠡᠬᠦ ᠰᠢᠯᠭᠠᠯᠲᠠ》 ᠶ᠋ᠢᠨ ᠠᠯᠪᠠᠨ ᠪᠢᠴᠢᠯ ᠳᠤ ᠰᠤᠷᠠᠭ ᠵᠡᠩᠭᠢ ᠨᠡᠶᠢᠲᠡᠯᠡᠵᠤ᠂ 2017 ᠤᠨ ᠤ 4 ᠰᠠᠷ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠳᠤ ᠨᠡᠶᠢᠲᠡ 7 ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠲᠠᠢ᠃

    ᠤᠶᠢᠯᠠᠭᠠᠭᠰᠠᠨ ᠢᠶᠡᠷ᠂ ᠪᠤᠲᠠᠲᠠᠢ ᠰᠢᠯᠭᠠᠬᠤ ᠴᠠᠭ ᠪᠤᠯᠤᠨ ᠨᠡᠷ᠎ᠠ ᠪᠦᠷᠢᠳᠭᠡᠭᠦᠯᠬᠦ ᠴᠠᠭ ᠨᠢ᠄ 4 ᠰᠠᠷ᠎ᠠ ᠶᠢᠨ 9 ᠤ ᠡᠳᠦᠷ᠂ ᠡᠩ ᠤᠨ ᠶᠡᠬᠡ ᠲᠡᠭᠡᠲᠤ ᠰᠤᠷᠭᠠᠭᠤᠯᠢ ᠦᠨᠳᠦᠰᠦᠲᠡᠨ ᠤ ᠬᠢᠲᠡᠳ ᠢᠶᠡᠷ ᠰᠢᠯᠭᠠᠬᠤ ᠭᠤᠷᠪᠠᠳᠤᠭᠠᠷ ᠵᠡᠷᠭᠡᠯᠡᠯ ᠤᠨ ᠰᠢᠯᠭᠠᠯᠲᠠ ᠶᠠᠪᠤᠭᠳᠠᠨ᠎ᠠ᠃ 4 ᠰᠠᠷ ᠠ ᠶᠢᠨ 15  ᠡᠳᠦᠷ᠂ ᠪᠠᠭᠰᠢ ᠶᠢᠨ ᠦᠨᠡᠮᠯᠡᠯ ᠢ ᠭᠤᠶᠤᠴᠢᠯᠠᠬᠤ ᠰᠤᠷᠭᠠᠨ ᠬᠦᠮᠦᠵᠢᠯ ᠤᠨ ᠤᠬᠠᠭᠠᠨ ᠪᠤᠯᠤᠨ ᠰᠡᠳᠭᠢᠴᠡ ᠵᠦᠢ ᠶᠢᠨ ᠤᠬᠠᠭᠠᠨ ᠤ ᠰᠢᠯᠭᠠᠯᠲᠠ ᠶᠠᠪᠤᠭᠳᠠᠨ᠎ᠠ᠃ 4 ᠰᠠᠷ᠎ᠠ ᠶᠢᠨ 15 ᠡᠴᠡ 16 ᠤ ᠡᠳᠦᠷ ᠪᠤᠯᠲᠠᠯ᠎ᠠ᠂ ᠲᠡᠭᠡᠲᠤ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠡᠨ ᠰᠤᠷᠤᠭᠰᠠᠳ ᠤᠨ ᠰᠢᠯᠭᠠᠯᠲᠠ ᠶᠢᠨ ᠲᠡᠭᠡᠷ᠎ᠠ ᠬᠠᠭᠠᠰ ᠵᠢᠯ ᠤᠨ ᠤᠯᠤᠰ ᠳᠠᠶᠠᠭᠠᠷ ᠤᠨ ᠨᠢᠭᠡᠳᠦᠯᠲᠠᠢ ᠰᠢᠯᠭᠠᠯᠲᠠ᠃ 4 ᠰᠠᠷ᠎ᠠ ᠶᠢᠨ 22 ᠡᠴᠡ 23  ᠡᠳᠦᠷ ᠪᠤᠯᠲᠠᠯ᠎ᠠ᠂ ᠡᠩ ᠤᠨ ᠶᠡᠬᠡ ᠲᠡᠭᠡᠳᠤ ᠰᠤᠷᠭᠠᠭᠤᠯᠢ ᠶᠢᠨ ᠬᠦᠳᠡᠯᠭᠡᠭᠡᠨ ᠤ ᠳᠠᠰᠬᠠᠵᠢᠭᠤᠯᠤᠯ ᠤᠨ ᠦᠱᠦ ᠵᠢᠴᠢ ᠦᠨᠳᠦᠰᠦᠲᠡᠨ ᠤ ᠤᠯᠠᠮᠵᠢᠯᠠᠯᠲᠤ ᠲᠡᠮᠢᠷ ᠤᠨ ᠲᠤᠰᠬᠠᠢ ᠮᠡᠷᠭᠡᠵᠢᠯ ᠤᠨ ᠲᠤᠰᠠᠭᠠᠷ ᠰᠤᠷᠤᠭᠴᠢ ᠡᠯᠰᠡᠬᠦ ᠰᠤᠶᠤᠯ ᠤᠨ ᠬᠢᠴᠢᠶᠡᠯ ᠤᠨ ᠰᠢᠯᠭᠠᠯᠲᠠ ᠶᠠᠪᠤᠭᠳᠠᠨ᠎ᠠ᠃ 4 ᠰᠠᠷ᠎ᠠ ᠶᠢᠨ 21 ᠡᠴᠡ 30 ᠤ ᠡᠳᠦᠷ ᠪᠤᠯᠲᠠᠯ᠎ᠠ᠂ 2016-2017 ᠤᠨ ᠤ ᠰᠤᠷᠤᠯᠭ᠎ᠠ ᠶᠢᠨ ᠵᠢᠯ ᠤᠨ ᠬᠤᠶᠠᠳᠤᠭᠠᠷ ᠬᠤᠭᠤᠴᠠᠭᠠᠨ ᠤ ᠲᠡᠭᠡᠲᠤ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶᠠᠨ ᠤ ᠰᠢᠯᠭᠠᠯᠲᠠ ᠳᠤ ᠨᠡᠷ᠎ᠡ ᠪᠦᠷᠢᠳᠭᠡᠭᠦᠯᠦᠨ᠎ᠠ᠃ 4 ᠰᠠᠷ᠎ᠠ ᠶᠢᠨ 25 ᠡᠴᠡ 5 ᠰᠠᠷ᠎ᠠ ᠶᠢᠨ 2 ᠤᠨ ᠡᠳᠦᠷ ᠪᠤᠯᠳᠠᠯ᠎ᠠ᠂ ᠤᠯᠤᠰ ᠳᠠᠶᠠᠭᠠᠷ ᠤᠨ ᠶᠡᠬᠡ ᠰᠤᠷᠭᠠᠭᠤᠯᠢ ᠶᠢᠨ ᠠᠩᠭ᠍ᠯᠢ ᠬᠡᠯᠡᠨ ᠤ ᠲᠦᠷᠪᠡ᠂ ᠵᠢᠷᠭᠤᠳᠤᠭᠠᠷ ᠳᠡᠰ ᠤᠨ ᠶᠠᠷᠢᠶ᠎ᠠ ᠶᠢᠨ ᠰᠢᠯᠭᠠᠯᠲᠠ ᠶᠢᠨ ᠨᠡᠷ᠎ᠠ ᠪᠦᠷᠢᠳᠭᠡᠭᠦᠯᠦᠨ᠎ᠠ᠃ ᠤᠷᠢᠳᠴᠢᠯᠠᠨ ᠲᠤᠭᠠᠴᠠᠭᠠᠯᠠᠭᠰᠠᠨ ᠢᠶᠡᠷ᠂ 4 ᠰᠠᠷ᠎ᠠ ᠶᠢᠨ ᠰᠡᠭᠦᠯᠴᠢ ᠳᠤ᠂ ᠬᠦᠳᠡᠭᠡ ᠤᠷᠤᠨ ᠨᠤᠲᠤᠭ ᠤᠨ ᠠᠯᠪᠠᠨ ᠵᠢᠷᠤᠮ ᠶᠢᠨ ᠰᠤᠷᠭᠠᠨ ᠬᠦᠮᠦᠵᠢᠯ ᠤᠨ ᠱᠠᠲᠤᠨ ᠳᠡᠬᠢ ᠪᠠᠭᠰᠢ ᠶᠢᠨ ᠤᠨᠴᠠ ᠲᠤᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ ᠶᠢᠨ ᠰᠢᠯᠭᠠᠯᠲᠠ ᠳᠤ ᠨᠡᠷ᠎ᠠ ᠪᠦᠷᠢᠳᠭᠡᠭᠦᠯᠦᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠬᠦᠬᠡᠬᠤᠲᠠ ᠶᠢᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120738938