蒙古文网站Logo
ᠰᠢᠨᠬᠤᠸᠠ ᠮᠤᠩᠭ᠋ᠤᠯ ᠨᠧᠲ

S101 ᠮᠤᠵᠢ ᠶᠢᠨ ᠵᠠᠮ ᠳᠡᠬᠢ ᠤᠯᠠᠭᠠᠨᠬᠤᠸᠠ ᠶᠢᠨ ᠲᠦᠯᠦᠪᠦᠷᠢ ᠬᠤᠷᠢᠶᠠᠬᠤ ᠭᠠᠵᠠᠷ ᠲᠦᠯᠦᠪᠦᠷᠢ ᠬᠤᠷᠢᠶᠠᠬᠤ ᠦᠭᠡᠢ ᠪᠤᠯᠪᠠ

2017-04-05 11:14

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠦᠯᠦᠪᠦᠷᠢ ᠬᠤᠷᠢᠶᠠᠬᠤ ᠭᠠᠵᠠᠷ ᠤᠨ ᠵᠠᠰᠠᠮᠠᠯ ᠵᠠᠮ ᠤᠨ ᠬᠢᠨᠠᠨ ᠬᠠᠮᠢᠶᠠᠷᠬᠤ ᠲᠤᠪᠴᠢᠶ᠎ᠠ ᠶᠢᠨ ᠬᠦᠬᠡᠬᠤᠲᠠ ᠶᠢᠨ ᠰᠠᠯᠪᠤᠷᠢ ᠲᠤᠪᠴᠢᠶ᠎ᠠ ᠠᠵᠢᠯᠲᠠᠳ ᠢ ᠲᠦᠪᠬᠢᠨᠡᠭᠦᠯᠬᠦ᠂ ᠲᠤᠭᠳᠠᠮᠠᠯ ᠬᠦᠷᠦᠩᠭᠡ ᠶᠢᠨ ᠳ᠋ᠦᠩᠨᠡᠯᠲᠡ ᠵᠡᠷᠭᠡ ᠡᠮᠦᠨ᠎ᠠ ᠬᠤᠭᠤᠴᠠᠭᠠᠨ ᠤ ᠪᠡᠯᠡᠳᠭᠡᠯ ᠤᠨ ᠳᠠᠷᠠᠭ᠎ᠠ᠂ ᠲᠦᠷᠦᠭᠦᠬᠡᠨ S101 ᠮᠤᠵᠢ ᠶᠢᠨ ᠵᠠᠮ ᠳ᠋ᠡᠬᠢ ᠤᠯᠠᠭᠠᠨᠬᠤᠸᠠ ᠶᠢᠨ ᠲᠦᠯᠦᠪᠦᠷᠢ ᠬᠤᠷᠢᠶᠠᠬᠤ ᠭᠠᠵᠠᠷ ᠤᠨ ᠲᠦᠯᠦᠪᠦᠷᠢ ᠬᠤᠷᠢᠶᠠᠬᠤ ᠠᠵᠢᠯ ᠢ ᠦᠭᠡᠶᠢᠰᠭᠡᠪᠠ᠂ ᠡᠨᠡ ᠨᠢ ᠤᠷᠤᠨ ᠳᠠᠶᠠᠭᠠᠷ ᠤᠨ ᠬᠠᠮᠤᠭ ᠤᠨ ᠠᠩᠬ᠎ᠠ ᠦᠭᠡᠶᠢᠰᠭᠡᠭ᠍ᠰᠡᠨ ᠵᠠᠰᠠᠭ ᠤᠨ ᠤᠷᠳᠤᠨ ᠤ ᠵᠢᠭᠡᠯᠡᠯᠭᠡ ᠲᠦᠯᠦᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠲᠦᠯᠦᠪᠦᠷᠢ ᠬᠤᠷᠢᠶᠠᠬᠤ ᠭᠠᠵᠠᠷ ᠪᠤᠯᠤᠨ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠦᠯᠦᠪᠦᠷᠢ ᠬᠤᠷᠢᠶᠠᠬᠤ ᠭᠠᠵᠠᠷ ᠤᠨ ᠵᠠᠰᠠᠮᠠᠯ ᠵᠠᠮ ᠤᠨ ᠬᠢᠨᠠᠨ ᠬᠠᠮᠢᠶᠠᠷᠬᠤ ᠲᠤᠪᠴᠢᠶ᠎ᠠ ᠶᠢᠨ ᠬᠦᠬᠡᠬᠤᠲᠠ ᠶᠢᠨ ᠰᠠᠯᠪᠤᠷᠢ ᠲᠤᠪᠴᠢᠶ᠎ᠠ ᠶᠢᠨ ᠲᠤᠪᠴᠢᠶᠠᠨ ᠳᠠᠷᠤᠭ᠎ᠠ ᠵᠠᠩ ᡁᠢ ᠬᠤᠩ ᠤᠨ ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠵᠠᠰᠠᠭ ᠤᠨ ᠤᠷᠳᠤᠨ ᠤ ᠵᠢᠭᠡᠯᠡᠯᠭᠡ ᠲᠦᠯᠦᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠲᠦᠯᠦᠪᠦᠷᠢ ᠬᠤᠷᠢᠶᠠᠬᠤ ᠭᠠᠵᠠᠷ ᠢ ᠦᠭᠡᠶᠢᠰᠭᠡᠭ᠍ᠰᠡᠨ ᠠᠵᠢᠯᠯᠠᠭ᠎ᠠ ᠳᠤ ᠬᠦᠬᠡᠬᠤᠲᠠ ᠶᠢᠨ ᠰᠡᠯᠪᠤᠷᠢ ᠲᠤᠪᠴᠢᠶ᠎ᠠ ᠳᠤ S101 ᠮᠤᠵᠢ ᠶᠢᠨ ᠵᠠᠮ ᠳ᠋ᠡᠬᠢ ᠤᠯᠠᠭᠠᠨᠬᠤᠸᠠ ᠲᠦᠯᠦᠪᠦᠷᠢ ᠬᠤᠷᠢᠶᠠᠬᠤ ᠭᠠᠵᠠᠷ ᠪᠤᠯᠤᠨ S104 ᠮᠤᠵᠢ ᠶᠢᠨ ᠵᠠᠮ ᠳ᠋ᠡᠬᠢ ᠳ᠋ᠦᠩ ᠹᠠᠩ ᠽᠢ ᠲᠦᠯᠦᠪᠦᠷᠢ ᠬᠤᠷᠢᠶᠠᠬᠤ ᠭᠠᠵᠠᠷ ᠬᠤᠯᠪᠤᠭᠳᠠᠵᠤ ᠪᠤᠢ᠃ ᠤᠳᠤᠬᠠᠨ ᠳᠤ ᠤᠯᠠᠭᠠᠨᠬᠤᠸᠠ ᠲᠦᠯᠦᠪᠦᠷᠢ ᠬᠤᠷᠢᠶᠠᠬᠤ ᠭᠠᠵᠠᠷ ᠤᠨ ᠦᠷᠲᠡᠭᠡ ᠶᠢ ᠬᠠᠰᠤᠬᠤ ᠠᠵᠢᠯᠯᠠᠭ᠎ᠠ ᠦᠨᠳᠦᠰᠦᠨ ᠳᠤ ᠪᠡᠨ ᠳᠠᠭᠤᠰᠴᠤ᠂ 15 ᠡᠳᠤᠷ ᠤᠨ ᠳᠤᠲᠤᠷ᠎ᠠ ᠰᠦᠢᠳᠭᠡᠯ ᠬᠤᠷᠢᠶᠠᠬᠤ ᠲᠦᠬᠦᠭᠡᠷᠤᠮᠵᠢ ᠶᠢ ᠰᠠᠯᠭᠠᠨ᠎ᠠ᠃ ᠳ᠋ᠦᠩ ᠹᠠᠩ ᠽᠢ ᠲᠦᠯᠦᠪᠦᠷᠢ ᠬᠤᠷᠢᠶᠠᠬᠤ ᠭᠠᠵᠠᠷ ᠤᠨ ᠦᠷᠲᠡᠭᠡ ᠶᠢ ᠬᠠᠰᠤᠬᠤ ᠠᠵᠢᠯ ᠤᠨ ᠲᠤᠭᠲᠠᠮᠠᠯ ᠬᠦᠷᠦᠩᠭᠡ ᠶᠢᠨ ᠳ᠋ᠦᠩᠨᠡᠯᠲᠡ ᠵᠡᠷᠭᠡ ᠡᠮᠦᠨ᠎ᠠ ᠬᠤᠭᠤᠴᠠᠭᠠᠨ ᠤ ᠠᠵᠢᠯ ᠶᠠᠭ ᠶᠠᠪᠤᠭᠳᠠᠵᠤ ᠪᠤᠢ᠂ ᠤᠷᠢᠳᠴᠢᠯᠠᠨ ᠲᠤᠭᠠᠴᠠᠭᠠᠯᠠᠭᠰᠠᠨ ᠢᠶᠡᠷ 4 ᠰᠠᠷ᠎ᠠ ᠶᠢᠨ ᠳᠤᠮᠳᠠᠴᠢ ᠪᠡᠷ ᠲᠤᠰ ᠲᠦᠯᠦᠪᠦᠷᠢ ᠬᠤᠷᠢᠶᠠᠬᠤ ᠭᠠᠵᠠᠷ ᠤᠨ ᠦᠷᠲᠡᠭᠡ ᠶᠢ ᠬᠠᠰᠤᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120753058