蒙古文网站Logo
ᠰᠢᠨᠬᠤᠸᠠ ᠮᠤᠩᠭ᠋ᠤᠯ ᠨᠧᠲ

ᠳᠣᠭᠲᠠᠭᠠᠭᠰᠠᠨ ᠬᠠᠷᠢᠴᠠᠯ ᠳ᠋ᠥ ᠬᠦᠷᠥᠭᠰᠡᠨ ᠦᠭᠡᠢ ᠡᠴᠠ ᠪᠤᠯᠵᠦ ᠥᠪᠦᠷ ᠮᠣᠩᠭᠣᠯ ᠠᠯᠪᠠᠲᠠᠨ ᠤ ᠰᠢᠯᠭᠠᠯᠲᠠ ᠶ᠋ᠢᠨ 95 ᠠᠵᠢᠯ ᠤᠨ ᠪᠠᠶᠢᠷᠢ ᠶ᠋ᠢ ᠬᠦᠴᠦᠨ ᠦᠭᠡᠢ ᠪᠣᠯᠭᠠᠪᠠ

2017-04-07 11:10

    ᠦᠨᠦ ᠵᠢᠯ ᠥᠪᠦᠷ ᠮᠣᠩᠭᠣᠯ ᠤᠨ ᠠᠯᠪᠠᠲᠠᠨ  ᠤ ᠰᠢᠯᠭᠠᠯᠲᠠ ᠶ᠋ᠢᠨ ᠨᠡᠷ᠎ᠡ ᠪᠦᠷᠢᠳᠭᠡᠭᠦᠯᠵᠤ ᠲᠦᠯᠦᠪᠦᠷᠢ ᠲᠣᠰᠢᠶᠠᠬᠣ ᠠᠵᠢᠯ 4 ᠰᠠᠷ᠎ᠠ ᠶ᠋ᠢᠨ 1 ᠤ ᠡᠳᠦᠷ ᠪᠦᠬᠦᠨ ᠢᠶᠡᠷ ᠢᠶᠡᠨ ᠲᠡᠭᠤᠰᠪᠡ᠃ ᠥᠪᠦᠷ ᠮᠣᠩᠭᠣᠯ ᠤᠨ ᠨᠠᠮ ᠤᠨ ᠬᠣᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠲᠠᠨ ᠤᠨ ᠬᠠᠮᠢᠶᠠᠷᠣᠯᠲᠠ ᠶ᠋ᠢᠨ ᠠᠯᠪᠠᠨ ᠭᠡᠷ ᠪᠣᠯᠣᠨ ᠥᠪᠦᠷ ᠮᠣᠩᠭᠣᠯ ᠤᠨ ᠠᠯᠪᠠᠲᠠᠨ ᠤ ᠲᠣᠪᠴᠢᠶᠠᠨ ᠤ ᠰᠢᠯᠭᠠᠨ ᠡᠯᠰᠡᠬᠦ ᠭᠠᠵᠠᠷ 4 ᠰᠠᠷ᠎ᠠ ᠶ᠋ᠢᠨ 2 ‍ᠤᠨ ᠡᠳᠦᠷ ᠵᠠᠷᠯᠠᠯ ᠨᠡᠶᠢᠲᠡᠯᠡᠵᠦ᠂ ᠲᠣᠭᠳᠠᠭᠠᠭᠰᠠᠨ ᠬᠠᠷᠢᠴᠠᠯ ᠳ᠋ᠥ ᠬᠦᠷᠴᠦ ᠳᠡᠶᠢᠯᠦᠭᠰᠡᠨ ᠦᠬᠡᠢ ᠠᠵᠢᠯ ᠤᠨ ᠪᠠᠶᠢᠷᠢ ᠶ᠋ᠢ ᠬᠦᠴᠦᠨ ᠦᠭᠡᠢ ᠪᠣᠯᠭᠠᠬᠣ ᠪᠠ ᠠᠵᠢᠯ ᠤᠨ ᠪᠠᠶᠢᠷᠢ ᠶ᠋ᠢᠨ ᠠᠵᠢᠯᠲᠠᠨ ᠡᠯᠰᠡᠨ ᠬᠡᠷᠡᠭᠯᠡᠬᠦ ᠲᠣᠭ᠎ᠠ ᠶ᠋ᠢ ᠪᠠᠭᠠᠰᠬᠠᠭᠰᠠᠨ ᠪᠠᠶᠢᠨ᠎ᠠ᠃ ᠤᠶᠢᠯᠠᠭᠠᠭᠰᠠᠨ ᠢᠶᠠᠷ᠂ ᠲᠣᠭᠳᠠᠭᠠᠭᠰᠠᠨ ᠬᠠᠷᠢᠴᠠᠯ ᠳ᠋ᠥ ᠬᠦᠷᠴᠦ ᠳᠡᠶᠢᠯᠥᠭᠰᠡᠨ ᠦᠭᠡᠢ ᠡᠴᠡ ᠪᠤᠯᠵᠣ᠂ 95 ᠠᠵᠢᠯ ᠤᠨ ᠪᠠᠶᠢᠷᠢ ᠶ᠋ᠢ ᠬᠦᠴᠦᠨ ᠦᠭᠡᠢ ᠪᠤᠯᠭᠠᠵᠦ᠂ 21 ᠠᠵᠢᠯ ᠤᠨ ᠪᠠᠶᠢᠷᠢ ᠠᠵᠢᠯᠲᠠᠨ ᠡᠯᠰᠡᠨ ᠬᠡᠷᠡᠭᠯᠡᠬᠦ ᠲᠣᠭ᠎ᠠ ᠪᠠᠨ ᠪᠠᠭᠠᠰᠬᠠᠵᠣ᠂ 57 ᠠᠵᠢᠯ ᠤᠨ ᠪᠠᠶᠢᠷᠢ ᠳ᠋ᠥ ᠨᠡᠷ᠎ᠡ ᠮᠡᠳᠡᠭᠦᠯᠦᠭᠰᠡᠨ ᠬᠥᠮᠦᠨ ᠦᠭᠡᠢ᠃ ᠨᠠᠷᠢᠨ ᠪᠠᠶᠢᠳᠠᠯ ᠢ ᠦᠪᠦᠷ ᠮᠣᠩᠭᠣᠯ ᠤᠨ ᠠᠵᠢᠯᠲᠠᠨ ᠤ ᠶᠠᠪᠣᠳᠠᠯ ᠤᠨ ᠰᠢᠯᠭᠠᠯᠲᠠ ᠶ᠋ᠢᠨ ᠨᠸᠲ (http://www.impta.com/) ᠡᠴᠡ ᠯᠠᠪᠯᠠᠭᠠᠷᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120767708