蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠲᠢᠶᠠᠨᠵᠢᠨ ᠾᠸᠪᠸᠢ ᠦᠪᠦᠷ ᠮᠣᠩᠭᠣᠯ ᠤᠨ ᠪᠦᠰᠡ ᠠᠯᠭᠠᠰᠠᠭᠰᠠᠨ ᠠᠵᠢᠯ ᠤᠯᠭᠤᠯᠲᠠ ᠶᠢᠨ ᠠᠵᠢᠯᠯᠠᠭ᠎ᠠ ᠬᠦᠬᠡᠬᠤᠲᠠ ᠳᠤ ᠪᠤᠯᠪᠠ

2017-04-10 11:33

    4 ᠰᠠᠷ᠎ᠠ ᠶᠢᠨ 8 ᠤ ᠡᠳᠦᠷ᠂ ᠪᠡᠭᠡᠵᠢᠩ ᠲᠢᠶᠠᠨᠵᠢᠨ ᠾᠸᠪᠸᠢ ᠦᠪᠦᠷ ᠮᠣᠩᠭᠣᠯ ᠤᠨ ᠠᠵᠢᠯᠴᠢᠨ ᠤ ᠶᠡᠷᠦᠩᠭᠡᠢ ᠡᠪᠯᠡᠯ ᠤᠨ ᠪᠦᠰᠡ ᠠᠯᠭᠠᠰᠠᠭᠰᠠᠨ ᠠᠵᠢᠯ ᠤᠯᠭᠤᠯᠲᠠ ᠶᠢ ᠠᠬᠢᠭᠤᠯᠵᠤ ᠠᠵᠢᠯ ᠤᠨ ᠪᠠᠶᠢᠷᠢ ᠬᠠᠩᠭ᠋ᠠᠬᠤ ᠠᠵᠢᠯᠯᠠᠭ᠎ᠠ ᠮᠠᠰᠢ ᠤᠯᠠᠨ ᠠᠵᠢᠯ ᠤᠨ ᠪᠠᠶᠢᠷᠢᠨ ᠳᠤ ᠭᠠᠷᠬᠤ ᠱᠠᠭᠠᠷᠳᠠᠯᠭ᠎ᠠ ᠲᠠᠢ ᠬᠦᠮᠦᠰ ᠤᠨ ᠠᠩᠬᠠᠷᠤᠯ ᠢ ᠲᠠᠲᠠᠪᠠ᠃ 4 ᠰᠠᠷ᠎ᠠ ᠶᠢᠨ 8 ᠤ ᠡᠳᠦᠷ᠂ 2017 ᠤᠨ ᠤ ᠪᠡᠭᠡᠵᠢᠩ ᠲᠢᠶᠠᠨᠵᠢᠨ ᠾᠸᠪᠸᠢ ᠦᠪᠦᠷ ᠮᠣᠩᠭᠣᠯ ᠤᠨ ᠠᠵᠢᠯᠴᠢᠨ ᠤ ᠶᠡᠷᠦᠩᠭᠡᠢ ᠡᠪᠯᠡᠯ ᠤᠨ ᠪᠦᠰᠡ ᠠᠯᠭᠠᠰᠠᠭᠰᠠᠨ ᠠᠵᠢᠯ ᠤᠯᠭᠤᠯᠲᠠ ᠠᠳᠠᠯ ᠪᠤᠰᠬᠠᠯᠲᠠ ᠶᠢ ᠠᠬᠢᠭᠤᠯᠵᠤ ᠰᠢᠷᠢᠰ ᠠᠵᠢᠯᠯᠠᠭ᠎ᠠ ᠦᠪᠦᠷ ᠮᠣᠩᠭᠣᠯ ᠤᠨ ᠤᠯᠠᠨ ᠤᠯᠤᠰ ᠤᠨ ᠦᠵᠡᠰᠭᠦᠯᠡᠩ ᠤᠨ ᠲᠦᠪ ᠲᠤ ᠶᠠᠪᠤᠭᠳᠠᠪᠠ᠃ ᠨᠡᠶᠢᠲᠡ 620 ᠠᠵᠤ ᠠᠬᠤᠶᠢᠯᠠᠯ ᠬᠦᠷᠦᠯᠴᠡᠨ ᠢᠷᠡᠵᠤ ᠲᠦᠮᠡ ᠭᠠᠷᠤᠢ ᠠᠵᠢᠯ ᠤᠨ ᠪᠠᠶᠢᠷᠢᠨ ᠳᠤ ᠴᠢᠳᠠᠪᠤᠷᠢᠲᠠᠨ ᠡᠯᠰᠡᠪᠡ᠃ ᠲᠤᠰ ᠠᠵᠢᠯᠯᠠᠭ᠎ᠠ ᠨᠢ《 ᠠᠵᠢᠯ ᠤᠯᠭᠤᠯᠲᠠ ᠪᠡᠷ ᠦᠢᠯᠡᠰ ᠢᠶᠡᠨ ᠪᠦᠲᠦᠭᠡᠵᠤ᠂ ᠠᠳᠠᠯ ᠪᠤᠰᠬᠠᠯᠲᠠ ᠪᠡᠷ ᠬᠦᠰᠡᠯᠡᠩ ᠢᠶᠡᠨ ᠪᠡᠶᠡᠯᠡᠭᠦᠯᠬᠦ》 ᠪᠡᠷ ᠭᠤᠤᠯ ᠰᠡᠳᠦᠪ ᠪᠤᠯᠭᠠᠨ ᠠᠵᠢᠯᠴᠢᠨ ᠤ ᠶᠡᠷᠦᠩᠭᠡᠢ ᠡᠪᠯᠡᠯ ᠤᠨ ᠪᠦᠰᠡ ᠠᠯᠭᠠᠰᠠᠭᠰᠠᠨ ᠬᠦᠳᠡᠯᠮᠦᠷᠢ ᠶᠢᠨ ᠬᠠᠮᠲᠤᠷᠠᠨ ᠠᠵᠢᠯᠯᠠᠬᠤ ᠲᠤᠭᠲᠠᠯᠴᠠᠭ᠎ᠠ ᠶᠢ ᠪᠠᠳᠠᠷᠠᠭᠤᠯᠵᠤ᠂ ᠠᠵᠢᠯ ᠠᠯᠳᠠᠭᠰᠠᠳ᠂ ᠠᠵᠢᠯᠴᠢᠨ ᠤ ᠭᠡᠷ ᠪᠦᠯᠢ ᠪᠤᠯᠤᠨ ᠶᠡᠬᠡ ᠲᠡᠭᠡᠲᠤ ᠰᠤᠷᠭᠠᠭᠤᠯᠢ ᠶᠢᠨ ᠲᠡᠭᠦᠰᠦᠭᠰᠡᠨ ᠤᠶᠤᠲᠠᠳ ᠲᠤ ᠠᠵᠢᠯ ᠤᠨ ᠪᠠᠶᠢᠷᠢ ᠬᠠᠩᠭ᠋ᠠᠬᠤ ᠪᠡᠷ ᠪᠤᠢ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠸᠩ ᠬᠤᠸᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120780771