蒙古文网站Logo
ᠰᠢᠨᠬᠤᠸᠠ ᠮᠤᠩᠭ᠋ᠤᠯ ᠨᠧᠲ

ᠬᠦᠯᠦᠨ ᠪᠤᠶᠢᠷ ᠬᠤᠲᠠ ᠬᠦᠯᠦᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠪᠦᠰᠡ ᠶᠢᠨ ᠠᠮᠢ ᠠᠬᠤᠢ ᠶᠢᠨ ᠢᠷᠭᠡᠨ ᠢ ᠨᠡᠭᠦᠯᠭᠡᠬᠦ ᠢᠨᠵᠸᠨ᠋ᠸᠷᠢᠩ ᠢ ᠰᠠᠶᠢᠲᠤᠷ ᠭᠡᠷᠡᠭᠵᠢᠬᠦᠯᠵᠦ ᠪᠤᠢ

2017-04-11 11:55

    《 ᠬᠦᠯᠦᠨ ᠨᠠᠭᠤᠷ ᠤᠨ ᠪᠠᠶᠢᠭᠠᠯᠢ ᠶᠢᠨ ᠬᠠᠮᠠᠭᠠᠯᠯᠠᠲᠠ ᠶᠢᠨ ᠪᠦᠰᠡ ᠶᠢᠨ ᠬᠦᠮᠦᠨ ᠠᠷᠠᠳ ᠢ ᠰᠢᠯᠵᠢᠭᠦᠯᠤᠨ ᠲᠦᠪᠬᠢᠨᠡᠭᠦᠯᠬᠦ ᠶᠢ ᠬᠡᠷᠡᠭᠵᠢᠭᠦᠯᠬᠦ ᠲᠦᠰᠦᠯ》 ᠢ᠋ ᠨᠢᠭᠡᠨᠲᠠ ᠨᠠᠶᠢᠷᠠᠭᠤᠯᠵᠤ ᠳᠠᠭᠤᠰᠪᠠ᠃ ᠬᠦᠯᠦᠨ ᠨᠠᠭᠤᠷ ᠤᠨ ᠰᠠᠪᠠ ᠭᠠᠵᠠᠷ ᠤᠨ ᠢᠷᠭᠡᠳ ᠢ ᠨᠡᠭᠦᠯᠭᠡᠬᠦ ᠶᠡᠷᠦᠩᠬᠡᠢ ᠲᠠᠯᠠᠪᠠᠢ ᠨᠢ 33.59 ᠲᠦᠮᠡᠨ ᠮᠦ ᠪᠠᠶᠢᠵᠤ᠂ ᠡᠭᠦᠨ ᠳᠤ 17.26 ᠲᠦᠮᠡᠨ ᠮᠦ ᠪᠡᠯᠴᠢᠭᠡᠷ ᠨᠢ ᠭᠤᠤᠯ ᠪᠦᠰᠡ ᠪᠠ 16.33 ᠲᠦᠮᠡᠨ ᠮᠦ ᠤᠶᠢᠷ᠎ᠠ ᠬᠠᠪᠢ ᠶᠢᠨ ᠪᠦᠰᠡ ᠨᠤᠲᠤᠭ ᠢ ᠪᠠᠭᠲᠠᠭᠠᠵᠤ ᠪᠤᠢ᠃ 7096.3 ᠲᠦᠮᠡᠨ ᠲᠦᠬᠦᠷᠢᠭ᠌ ᠤᠨ ᠬᠦᠷᠦᠩᠭᠡ ᠤᠷᠤᠭᠤᠯᠬᠤ ᠪᠡᠷ ᠲᠦᠯᠦᠪᠯᠡᠵᠤ᠂ ᠬᠦᠯᠦᠨ ᠨᠠᠭᠤᠷ ᠤᠨ ᠤᠶᠢᠷᠠᠯᠴᠠᠭᠠᠬᠢ 213 ᠡᠷᠦᠬᠡ 733 ᠬᠦᠮᠦᠨ ᠢ ᠰᠢᠯᠵᠢᠭᠦᠯᠦᠨ ᠲᠦᠪᠬᠢᠨᠡᠭᠦᠯᠬᠦ ᠪᠡᠷ ᠪᠤᠢ᠃ ᠦᠨᠦ ᠵᠢᠯ ᠤᠨ 5 ᠰᠠᠷ᠎ᠠ ᠡᠴᠡ ᠪᠠᠷᠢᠯᠭ᠎ᠠ ᠶᠢᠨ ᠠᠵᠢᠯᠯᠠᠭ᠎ᠠ ᠪᠡᠨ ᠡᠬᠢᠯᠠᠭᠦᠯᠵᠤ᠂ 10 ᠰᠠᠷ ᠠ ᠶᠢᠨ ᠰᠡᠭᠦᠯᠴᠢ ᠪᠤᠯᠲᠠᠯ᠎ᠠ ᠪᠦᠬᠦᠨ ᠢ ᠪᠠᠷᠢᠵᠤ ᠳᠠᠭᠤᠰᠬᠠᠬᠤ ᠶᠢᠨ ᠬᠠᠮᠲᠤ ᠨᠡᠭᠦᠵᠤ ᠤᠷᠤᠬᠤ ᠠᠵᠢᠯ ᠢ ᠪᠡᠶᠡᠯᠡᠭᠦᠯᠦᠨ᠎ᠠ᠃ ᠤᠳᠤᠬᠠᠨ ᠳᠤ᠂ ᠪᠠᠶᠢᠳᠠᠯ ᠢ ᠤᠶᠢᠯᠠᠭᠠᠬᠤ᠂ ᠪᠦᠷᠢᠳᠭᠡᠬᠦ᠂ ᠬᠡᠮᠵᠢᠨ ᠵᠢᠷᠤᠬᠤ᠂ ᠨᠢᠭᠡᠨᠲᠡ ᠬᠡᠷᠡᠭᠵᠢᠭᠦᠯᠬᠦ ᠪᠡᠷ ᠲᠤᠭᠲᠠᠭᠰᠠᠨ ᠲᠦᠰᠦᠯ ᠤᠨ ᠰᠤᠳᠤᠯᠤᠯᠭ᠎ᠠ ᠵᠢᠴᠢ ᠭᠠᠵᠠᠷ ᠰᠢᠷᠤᠢ ᠶᠢᠨ ᠪᠦᠲᠦᠭᠡᠨ ᠪᠠᠶᠢᠭᠤᠯᠤᠯᠲᠠ ᠶᠢᠨ ᠢᠵᠸᠨ᠋ᠸᠷᠢᠩ ᠤᠨ ᠳᠠᠭᠠᠭᠠᠴᠢᠯᠠᠯᠲᠠ ᠵᠠᠷᠯᠠᠬᠤ ᠲᠤᠬᠠᠢ ᠪᠡᠯᠡᠳᠭᠡᠯ ᠠᠵᠢᠯ ᠵᠡᠷᠭᠡ ᠶᠢ ᠨᠢᠭᠡᠨᠲᠡ ᠪᠡᠶᠡᠯᠡᠭᠦᠯᠵᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120787757