蒙古文网站Logo
ᠰᠢᠨᠬᠤᠸᠠ ᠮᠤᠩᠭ᠋ᠤᠯ ᠨᠧᠲ

4 ᠰᠠᠷ᠎ᠠ ᠶᠢᠨ 16 ᠤ ᠲᠡᠭ ᠴᠠᠭ ᠡᠴᠡ ᠡᠬᠢᠯᠡᠨ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠰᠢᠨ᠎ᠠ ᠠᠶᠠᠯᠠᠯ ᠤᠨ ᠱᠤᠭᠤᠮ ᠢ ᠬᠡᠷᠡᠭᠵᠢᠭᠦᠯᠦᠨ᠎ᠠ

2017-04-11 16:37

    4 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠬᠦᠬᠡᠬᠤᠲᠠ ᠶᠢᠨ ᠲᠡᠮᠤᠷ ᠵᠠᠮ ᠤᠨ ᠲᠤᠪᠴᠢᠶ᠎᠎ᠠ ᠡᠴᠡ ᠤᠶᠢᠯᠠᠭᠠᠭᠰᠠᠨ ᠢᠶᠡᠷ᠂ ᠵᠤᠷᠴᠢᠭᠴᠢᠳ ᠤᠨ ᠭᠠᠳᠠᠭᠰᠢ ᠭᠠᠷᠬᠤ ᠳᠤ ᠲᠦᠭᠦᠮ ᠦᠵᠡᠭᠦᠯᠬᠦ ᠶᠢᠨ ᠲᠦᠯᠦᠭᠡ᠂ 4 ᠰᠠᠷ᠎ᠠ ᠶᠢᠨ 16 ᠤ ᠲᠡᠭ ᠴᠠᠭ ᠡᠴᠡ ᠡᠬᠢᠯᠡᠨ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ 26 ᠵᠤᠷᠪᠤᠰ ᠭᠠᠯᠲᠤ ᠲᠡᠷᠭᠡᠨ ᠤ ᠠᠶᠠᠯᠠᠯ ᠤᠨ ᠱᠤᠭᠤᠮ ᠢ ᠲᠤᠬᠢᠷᠠᠭᠤᠯᠤᠨ᠎ᠠ᠃

    ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠡᠷ᠂ ᠬᠠᠪᠤᠷ ᠤᠨ ᠭᠠᠳᠠᠭᠰᠢ ᠭᠠᠷᠴᠤ ᠰᠡᠯᠡᠭᠦᠴᠡᠵᠤ ᠵᠤᠭᠠᠴᠠᠬᠤ ᠵᠡᠷᠭᠡ ᠵᠤᠷᠴᠢᠭᠴᠢᠳ ᠤᠨ ᠵᠠᠮᠨᠠᠬᠤ ᠱᠠᠭᠠᠷᠳᠠᠯᠭ᠎ᠠ ᠳᠤ ᠵᠤᠬᠢᠴᠠᠭᠤᠯᠵᠤ᠂ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ《 ᠲᠡᠮᠤᠷ ᠵᠠᠮ + ᠵᠢᠭᠤᠯᠴᠢᠯᠠᠯ》 ᠤ᠋ᠨ ᠵᠠᠭᠪᠤᠷ ᠢ ᠨᠡᠭᠡᠭᠡᠵᠤ᠂ ᠬᠦᠬᠡᠬᠤᠲᠠ ᠡᠴᠡ ᠡᠷᠢᠶᠡᠨ ᠬᠤᠲᠠ ᠬᠦᠷᠬᠦ Y632/3᠂ Y634/1 ᠪᠤᠯᠤᠨ Y636/7᠂ Y638/5 ᠡᠭᠡᠯᠵᠢ ᠶᠢᠨ ᠬᠤᠶᠠᠷ ᠬᠤᠤᠰ ᠬᠤᠷᠲᠤ ᠶᠢᠨ ᠭᠠᠯᠲᠤ ᠲᠡᠷᠭᠡ ᠶᠢ ᠰᠢᠨ᠎ᠠ ᠪᠡᠷ ᠨᠡᠮᠡᠬᠦ ᠪᠡᠷ ᠲᠤᠭᠲᠠᠬᠤ ᠶᠢᠨ ᠬᠠᠮᠳᠤ ᠲᠤᠰ ᠤᠳᠠᠭᠠᠨ ᠤ ᠠᠶᠠᠯᠠᠯ ᠤᠨ ᠱᠤᠭᠤᠮ 16 ᠭᠠᠯᠲᠤ ᠲᠡᠷᠭᠡ ᠶᠢᠨ ᠵᠤᠭᠰᠤᠯᠲᠠ ᠶᠢᠨ ᠴᠢᠭ᠌ ᠢ ᠨᠡᠮᠡᠵᠤ ᠬᠠᠰᠤᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120789856