蒙古文网站Logo
ᠰᠢᠨᠬᠤᠸᠠ ᠮᠤᠩᠭ᠋ᠤᠯ ᠨᠧᠲ

ᠦᠨᠦ ᠵᠢᠯ ᠬᠦᠬᠡᠬᠤᠲᠠ ᠬᠤᠲᠠ ᠶᠢᠨ ᠰᠠᠭᠤᠷᠢ ᠲᠦᠬᠦᠭᠡᠷᠦᠮᠵᠢ ᠪᠤᠯᠬᠤ ᠤᠶᠤᠨᠲᠤ ᠰᠤᠷᠠᠭ ᠵᠠᠩᠭᠢ ᠶᠢᠨ ᠲᠠᠪᠴᠠᠩ ᠢ ᠪᠠᠶᠢᠭᠤᠯᠬᠤ ᠪᠡᠷ ᠪᠤᠢ

2017-04-12 11:11

    ᠰᠤᠷᠪᠤᠯᠵᠢᠯᠠᠭᠴᠢ ᠬᠦᠬᠡᠬᠤᠲᠠ ᠶᠢᠨ ᠤᠷᠤᠨ ᠰᠠᠭᠤᠴᠠ ᠬᠢᠭᠡᠳ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠪᠡᠷ᠂ ᠬᠤᠲᠠ ᠶᠢᠨ ᠵᠠᠰᠠᠭ ᠤᠨ ᠤᠷᠳᠤᠨ ᠤ ᠪᠠᠴᠢᠮ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ᠂ ᠬᠤᠲᠠ ᠶᠢᠨ ᠵᠠᠰᠠᠭ ᠤᠨ ᠤᠷᠳᠤᠨ ᠤ ᠵᠠᠮ ᠵᠡᠭᠡᠯᠢ᠂ ᠵᠠᠮ ᠤᠨ ᠳ᠋ᠸᠩ ᠵᠢᠴᠢ ᠭᠡᠷᠡᠯᠲᠤᠴᠡ ᠶᠢᠨ ᠪᠠᠶᠢᠳᠠᠯ᠂ ᠲᠤᠯᠠᠭᠠᠯᠠᠯᠭ᠎ᠠ ᠬᠠᠩᠭ᠋ᠠᠬᠤ᠂ᠰᠢᠲᠠᠮᠠᠬᠠᠢ ᠬᠡᠢ ᠶᠢᠨ ᠬᠠᠮᠢᠶᠠᠷᠤᠯᠲᠠ᠂ ᠬᠠᠮᠠᠭᠠᠯᠠᠯᠲᠠ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠪᠦᠲᠦᠮᠵᠢᠲᠠᠢ ᠵᠢᠯᠤᠭᠤᠳᠬᠤ ᠶᠢᠨ ᠲᠦᠯᠦᠭᠡ᠂ ᠦᠨᠦ ᠵᠢᠯ ᠬᠦᠬᠡᠬᠤᠲᠠ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠤᠶᠤᠨᠴᠢ ᠰᠤᠷᠠᠭ ᠵᠠᠩᠭᠢ ᠶᠢᠨ ᠲᠦᠪ ᠤᠨ ᠲᠠᠪᠴᠠᠩ ᠢ ᠪᠠᠶᠢᠭᠤᠯᠬᠤ ᠪᠡᠷ ᠪᠤᠢ᠂ ᠤᠳᠤᠬᠠᠨ ᠳᠤ ᠲᠤᠰ ᠲᠦᠰᠦᠯ ᠨᠢ ᠡᠮᠦᠨ᠎ᠠ ᠬᠤᠭᠤᠴᠠᠭᠠᠨ ᠤ ᠪᠡᠯᠡᠳᠭᠡᠯ ᠤᠨ ᠱᠠᠲᠤᠨ ᠳᠤ ᠪᠡᠨ ᠪᠠᠶᠢᠨ᠎ᠠ᠃

    ᠤᠶᠢᠯᠠᠭᠠᠭᠰᠠᠨ ᠢᠶᠡᠷ᠂ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠤᠶᠤᠨᠴᠢ ᠰᠤᠷᠠᠭ ᠵᠠᠩᠭᠢ ᠶᠢᠨ ᠲᠦᠪ ᠤᠨ ᠲᠠᠪᠴᠠᠩ ᠳᠤ ᠨᠢᠭᠡ ᠲᠠᠪᠴᠠᠩ( ᠬᠤᠲᠠ ᠶᠢᠨ ᠰᠠᠭᠤᠷᠢ ᠲᠦᠬᠦᠭᠡᠷᠦᠮᠵᠢ ᠶᠢᠨ ᠤᠶᠤᠨᠴᠢ ᠰᠤᠷᠠᠭ ᠵᠠᠩᠭᠢ ᠶᠢᠨ ᠲᠠᠪᠴᠠᠩ)᠂ ᠬᠤᠶᠠᠷ ᠰᠢᠰᠲ᠋ᠧᠮ ( ᠬᠤᠲᠠ ᠶᠢᠨ ᠵᠠᠰᠠᠭ ᠤᠨ ᠤᠷᠳᠤᠨ ᠤ ᠵᠡᠭᠡᠯᠢ ᠭᠤᠳᠤᠮᠵᠢ ᠶᠢᠨ ᠤᠶᠤᠨᠴᠢ ᠰᠤᠷᠠᠭ ᠵᠠᠩᠭᠢ ᠶᠢᠨ ᠰᠢᠰᠲ᠋ᠸᠮ᠂ ᠲᠤᠯᠠᠭᠠᠯᠠᠯᠭ᠎ᠠ ᠬᠠᠩᠭ᠋ᠠᠬᠤ ᠵᠢᠴᠢ ᠰᠢᠲᠠᠮᠠᠬᠠᠢ ᠬᠡᠢ ᠶᠢᠨ ᠤᠶᠤᠨᠴᠢ ᠰᠤᠷᠠᠭ ᠵᠠᠩᠭᠢ ᠶᠢᠨ ᠰᠢᠰᠲ᠋ᠧᠮ)᠂ ᠬᠤᠶᠠᠷ ᠰᠠᠯᠠᠭ᠎ᠠ ᠪᠠᠭ ( ᠬᠤᠲᠠ ᠶᠢᠨ ᠵᠠᠰᠠᠭ ᠤᠨ ᠤᠷᠳᠤᠨ ᠤ ᠵᠡᠭᠡᠯᠢ ᠭᠤᠳᠤᠮᠵᠢ ᠶᠢᠨ ᠪᠠᠴᠢᠮ ᠰᠡᠯᠪᠢᠨ ᠵᠠᠰᠠᠯᠲᠠ ᠶᠢᠨ ᠪᠠᠭ᠂ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠶᠢᠨ ᠪᠠᠴᠢᠮ ᠰᠡᠯᠪᠢᠨ ᠵᠠᠰᠠᠯᠲᠠ ᠶᠢᠨ ᠪᠠᠭ) ᠢ ᠪᠠᠭᠲᠠᠭᠠᠵᠤ ᠪᠠᠶᠢᠨ᠎ᠠ᠃ ᠲᠤᠰ ᠲᠠᠪᠴᠠᠩ ᠤᠨ ᠪᠠᠶᠢᠭᠤᠯᠤᠭᠳᠠᠬᠤ ᠨᠢ ᠤᠶᠤᠨᠴᠢ ᠬᠤᠲᠠ ᠶᠢᠨ ᠬᠠᠮᠢᠶᠤᠷᠤᠯᠲᠠ ᠶᠢᠨ ᠰᠢᠰᠲ᠋ᠸᠮ ᠢ ᠨᠢᠭᠡᠳᠦᠯᠲᠠᠢ ᠬᠤᠯᠪᠤᠵᠤ᠂ ᠰᠤᠷᠠᠭ ᠵᠠᠩᠭᠢ ᠶᠢᠨ ᠰᠤᠷᠪᠤᠯᠵᠢ ᠶᠢᠨ ᠬᠤᠪᠢᠶᠠᠯᠴᠠᠯ ᠢ ᠪᠡᠶᠡᠯᠡᠭᠦᠯᠦᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120795178