蒙古文网站Logo
ᠰᠢᠨᠬᠤᠸᠠ ᠮᠤᠩᠭ᠋ᠤᠯ ᠨᠧᠲ

ᠮᠡᠳᠡᠭᠳᠡᠯ᠄ ᠰᠢᠨᠬᠤᠧᠠ ᠬᠤᠷᠢᠶ᠎ᠠ ᠶᠢᠨ ᠸᠢᠳᠢᠣ᠋ ᠠᠦ᠋ᠳᠢᠣ᠋ ᠰᠤᠨᠢᠨ ᠮᠡᠳᠡᠭᠡ ᠨᠠᠶᠢᠷᠠᠭᠤᠯᠬᠤ ᠬᠡᠯᠲᠡᠰ ᠠᠵᠢᠯᠲᠠᠨ ᠡᠯᠰᠡᠨ᠎ᠡ

2017-04-13 10:26

    ᠰᠢᠨᠬᠤᠧᠠ ᠬᠤᠷᠢᠶ᠎ᠠ ᠶᠢᠨ ᠸᠢᠳᠢᠣ᠋ ᠠᠦ᠋ᠳᠢᠣ᠋ ᠰᠤᠨᠢᠨ ᠮᠡᠳᠡᠭᠡ ᠨᠠᠶᠢᠷᠠᠭᠤᠯᠬᠤ ᠬᠡᠯᠲᠡᠰ ᠸᠢᠳᠢᠣ᠋ ᠠᠤᠳᠢᠣ᠋ ᠶᠢᠨ ᠬᠡᠯᠲᠡᠰ) ᠪᠤᠯ ᠰᠢᠨᠬᠤᠧᠠ ᠬᠤᠷᠢᠶ᠎ᠠ ᠶᠢᠨ ᠰᠤᠷᠪᠤᠯᠵᠢᠯᠠᠨ ᠨᠠᠶᠢᠷᠠᠭᠤᠯᠬᠤ ᠬᠡᠯᠲᠡᠰ ᠤᠨ ᠨᠢᠭᠡ ᠰᠠᠯᠠᠭ᠎ᠠ᠂ ᠲᠡᠷᠡ ᠨᠢ ᠸᠢᠳᠢᠣ᠋ ᠠᠤᠳᠢᠣ᠋ ᠶᠢᠨ ᠮᠡᠳᠡᠭᠡᠯᠡᠯ ᠤᠨ ᠠᠵᠢᠯ ᠢ ᠬᠠᠷᠢᠭᠤᠴᠠᠬᠤ ᠶᠢᠨ ᠳᠠᠭᠠᠤ ᠰᠢᠨᠬᠤᠧᠠ ᠬᠤᠷᠢᠶ᠎ᠠ ᠶᠢᠨ ᠭᠠᠳᠠᠭᠠᠳᠤ ᠲᠤᠲᠤᠭᠠᠳᠤ ᠶᠢᠨ ᠰᠠᠯᠪᠤᠷᠢ ᠬᠤᠷᠢᠶ᠎ᠠ ᠶᠢᠨ ᠸᠢᠳᠢᠣ᠋ ᠠᠦ᠋ᠳᠢᠣ᠋ ᠶᠢᠨ ᠲᠤᠬᠠᠶᠢᠯᠠᠭᠰᠠᠨ ᠠᠵᠢᠯ ᠢ ᠵᠢᠭᠠᠨ ᠵᠢᠯᠤᠭᠤᠳᠤᠳᠠᠭ᠃ ᠲᠤᠬᠠᠶᠢᠯᠠᠭᠰᠠᠨ ᠠᠵᠢᠯ ᠤᠨ ᠬᠦᠭᠵᠢᠯᠲᠡ ᠶᠢᠨ ᠬᠡᠷᠡᠭᠴᠡᠭᠡᠨ ᠳᠦ ᠵᠤᠬᠢᠴᠠᠭᠤᠯᠬᠤ ᠶᠢᠨ ᠲᠤᠰᠠᠳᠠ᠂ ᠨᠡᠶᠢᠭᠡᠮ ᠳᠦ ᠬᠠᠨᠳᠤᠭᠤᠯᠤᠨ ᠢᠯᠡ ᠪᠡᠷ ᠠᠵᠢᠯᠲᠠᠨ ᠡᠯᠰᠡᠵᠤ ᠪᠠᠶᠢᠨ᠎ᠠ᠂ ᠬᠠᠮᠢᠶ᠎ᠠ ᠪᠦᠬᠦᠢ ᠠᠩᠬᠠᠷᠬᠤ ᠵᠦᠶᠯ ᠤᠳ ᠨᠢ ᠲᠤᠤᠷᠠᠬᠢ ᠮᠡᠲᠦ᠄

    ᠨᠢᠭᠡ᠂ ᠠᠵᠢᠯ ᠤᠨ ᠪᠠᠶᠢᠷᠢ ᠶᠢᠨ ᠱᠠᠭᠠᠷᠳᠠᠯᠭ᠎ᠠ᠄

    1᠂ ᠸᠢᠳᠢᠣ᠋ ᠰᠤᠷᠪᠤᠯᠵᠢᠯᠠᠨ ᠨᠠᠶᠢᠷᠠᠭᠤᠯᠬᠤ ᠠᠵᠢᠯ ᠤᠨ ᠪᠠᠶᠢᠷᠢ᠄ ᠸᠢᠳᠢᠣ᠋ ᠠᠦ᠋ᠳᠢᠣ᠋ ᠶᠢᠨ ᠤᠨᠴᠠᠯᠢᠭ ᠢ ᠰᠠᠶᠢᠨ ᠮᠡᠳᠡᠵᠦ᠂ ᠪᠦᠲᠦᠭᠡᠯᠴᠢ ᠰᠢᠨᠵᠢ ᠪᠦᠬᠦᠢ ᠰᠡᠳᠬᠢᠭᠦᠢ ᠪᠠ ᠪᠦᠳᠦᠬᠡᠯ ᠤᠨ ᠰᠢᠨ᠎ᠡ ᠢᠢ ᠡᠭᠦᠳᠬᠦ ᠴᠢᠳᠠᠪᠤᠷᠢ ᠲᠠᠢ ᠪᠠᠶᠢᠵᠤ᠂ ᠸᠢᠳᠢᠣ᠋ ᠠᠤᠳᠢᠣ᠋ ᠵᠤᠬᠢᠶᠠᠠ ᠪᠦᠳᠦᠬᠡᠬᠦ᠂ ᠮᠠᠯᠲ᠋ᠢᠮᠧᠳᠢᠶᠠ ᠶᠢᠨ ᠪᠦᠳᠦᠬᠡᠯ ᠲᠦᠰᠦᠪᠯᠡᠨ ᠦᠢᠯᠡᠳᠬᠦ ᠵᠡᠷᠭᠡ ᠳᠦ ᠮᠡᠷᠭᠡᠰᠢᠭᠰᠡᠨ ᠪᠠᠶᠢᠬᠤ ᠬᠡᠷᠡᠭᠲᠠᠢ᠃ ᠡᠭᠦᠨ ᠡᠴᠡ ᠭᠠᠳᠠᠨ᠎ᠠ᠂ ᠨᠡᠯᠢᠶᠡᠳ ᠰᠠᠶᠢᠨ ᠵᠤᠬᠢᠶᠠᠨ ᠪᠢᠴᠢᠯᠭᠡ ᠶᠢᠨ ᠴᠢᠳᠠᠪᠤᠷᠢ ᠪᠠ ᠵᠢᠷᠤᠭ ᠳᠦᠷᠰᠦ ᠪᠢᠴᠢᠯᠬᠡ ᠬᠢᠬᠦ ᠴᠢᠳᠠᠪᠤᠷᠢ ᠲᠠᠢ ᠪᠠᠶᠢᠵᠤ᠂ ᠸᠢᠳᠢᠣ᠋ ᠶᠢᠨ ᠱᠤᠭᠤᠮᠯᠢᠭ ᠪᠤᠰᠤ ᠨᠠᠶᠢᠷᠠᠭᠤᠯᠭ᠎ᠠ ᠶᠢᠨ ᠰᠢᠰᠲ᠋ᠧᠮ ᠤᠨ ᠠᠵᠢᠯ ᠢ ᠰᠠᠶᠢᠲᠤᠷ ᠡᠵᠡᠮᠰᠢᠭᠰᠡᠨ ᠪᠠᠶᠢᠬᠤ ᠬᠡᠷᠡᠭᠲᠠᠢ᠃

    2᠂ ᠰᠢᠨ᠎ᠡ ᠬᠡᠪᠯᠡᠯ ᠮᠡᠳᠡᠭᠡᠯᠡᠯ ᠤᠨ ᠰᠤᠷᠪᠤᠯᠵᠢᠯᠠᠨ ᠨᠠᠶᠢᠷᠠᠭᠤᠯᠬᠤ ᠠᠵᠢᠯ ᠤᠨ ᠪᠠᠶᠢᠷᠢ᠄ ᠰᠢᠨ᠎ᠡ ᠬᠡᠪᠯᠡᠯ ᠮᠡᠳᠡᠭᠡᠯᠡᠯ ᠳᠦ ᠪᠦᠲᠦᠭᠡᠯᠴᠢ ᠰᠢᠨᠵᠢ ᠪᠦᠬᠦᠢ ᠰᠡᠳᠬᠢᠭᠦᠢ ᠶᠢᠨ ᠴᠢᠳᠠᠪᠤᠷᠢ ᠲᠠᠢ ᠪᠠᠶᠢᠵᠤ᠂ ᠰᠢᠨ᠎ᠡ ᠬᠡᠪᠯᠡᠯ ᠮᠡᠳᠡᠭᠡᠯᠡᠯ ᠤᠨ ᠸᠢᠳᠢᠣ᠋ ᠲᠦᠰᠦᠪᠯᠡᠬᠦ ᠵᠢᠴᠢ ᠡᠯ᠎ᠡ ᠲᠦᠷᠦᠯ ᠤᠨ ᠰᠢᠨ᠎ᠡ ᠬᠡᠪᠯᠡᠯ ᠮᠡᠳᠡᠭᠡᠯᠡᠯ ᠤᠨ ᠸᠢᠳᠢᠣ᠋ ᠢᠢ ᠪᠡᠶ᠎ᠡ ᠪᠠᠨ ᠳᠠᠭᠠᠭᠠᠬᠤ ᠪᠤᠶᠤ ᠬᠠᠮᠲᠤ ᠪᠡᠷ ᠪᠡᠶᠡᠯᠡᠭᠦᠯᠵᠦ ᠴᠢᠳᠠᠬᠤ ᠬᠡᠷᠡᠭᠲᠠᠢ᠃ ᠡᠭᠦᠨ ᠤ ᠬᠠᠮᠲᠤ᠂ ᠸᠢᠳᠢᠣ᠋ ᠬᠢᠬᠦ ᠶᠠᠪᠤᠴᠠ ᠢᠢ ᠰᠠᠶᠢᠨ ᠮᠡᠳᠡᠵᠦ᠂ ᠸᠢᠳᠢᠣ᠋ ᠡᠰᠬᠡᠵᠦ ᠨᠠᠶᠢᠷᠠᠭᠤᠯᠬᠤ᠂ ᠬᠢᠵᠤ ᠪᠦᠳᠦᠬᠡᠬᠦ᠂ ᠳᠡᠯᠭᠡᠴᠡ ᠳᠦ ᠲᠠᠶᠢᠯᠪᠤᠷᠢ ᠬᠠᠳᠠᠬᠤ ᠬᠢᠭᠡᠳ ᠤᠨᠴᠠᠭᠠᠢ ᠲᠤᠬᠢᠷᠠᠭᠤᠯᠭ᠎ᠠ ᠪᠡᠷ ᠴᠢᠮᠡᠬᠦ ᠵᠡᠷᠭᠡ ᠶᠢ ᠪᠡᠶ᠎ᠡ ᠪᠠᠨ ᠳᠠᠭᠠᠭᠠᠨ ᠬᠢᠵᠦ ᠴᠢᠳᠠᠭᠰᠠᠨ ᠪᠠᠶᠢᠬᠤ ᠬᠡᠷᠡᠭᠲᠠᠢ᠃ ᠭᠤᠷᠪᠠᠨ ᠬᠡᠮᠵᠢᠯᠲᠡᠲᠦ᠂ ᠺᠠᠷᠲ᠋ᠤᠨ ᠪᠦᠲᠦᠭᠡᠯ ᠬᠢᠵᠤ ᠴᠢᠳᠠᠬᠤ ᠪᠠ ᠰᠢᠨ᠎ᠡ ᠢᠢ ᠡᠭᠦᠳᠬᠦ ᠴᠢᠳᠠᠪᠤᠷᠢ ᠲᠠᠢ ᠬᠦᠮᠦᠰ ᠢ ᠤᠷᠢᠳᠠᠪᠠᠷ ᠪᠤᠳᠤᠯᠬᠢᠯᠠᠨ᠎ᠠ᠃

    ᠬᠤᠶᠠᠷ᠂ ᠦᠨᠳᠦᠰᠦᠨ ᠨᠦᠭᠦᠴᠡᠯ᠄

    1᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠢ ᠪᠠᠲᠤ ᠬᠦᠷᠢᠶᠡᠯᠡᠵᠦ᠂ ᠤᠯᠤᠰ ᠲᠦᠷᠦ ᠶᠢᠨ ᠵᠤᠭᠰᠤᠯᠲᠠ ᠡᠷᠡᠰ ᠴᠢᠩᠭ᠎ᠠ ᠪᠠᠶᠢᠵᠤ᠂《ᠳᠦᠷᠪᠡᠨ ᠤᠬᠠᠮᠰᠠᠷ》ᠨᠡᠯᠢᠶᠡᠳ ᠴᠢᠩᠭ᠎ᠠ᠂ ᠦᠵᠡᠯ ᠰᠠᠨᠠᠭᠠᠨ ᠤ ᠰᠤᠷᠲᠠᠯ ᠰᠠᠶᠢᠨ᠂ ᠴᠢᠭ᠍ᠴᠢ ᠰᠢᠳᠤᠷᠭᠤ᠂ ᠦᠨᠡᠨᠴᠢ ᠢᠲᠡᠭᠡᠮᠵᠢᠲᠠᠢ ᠬᠠᠤᠯᠢ ᠢᠢ ᠵᠢᠷᠤᠮᠯᠠᠵᠤ᠂ ᠪᠡᠶ᠎ᠡ ᠮᠠᠬᠠᠪᠤᠳ ᠡᠷᠡᠭᠦᠯ ᠴᠢᠬᠢᠷᠠᠭ ᠪᠠᠶᠢᠬᠤ ᠬᠡᠷᠡᠭᠲᠠᠢ᠃

    2᠂ ᠰᠢᠯᠭᠠᠭᠤᠯᠤᠭᠴᠢ ᠪᠦᠬᠦᠯᠢ ᠡᠳᠦᠷ ᠤᠨ ᠳᠦᠷᠢᠮᠲᠦ ᠶᠡᠬᠡ ᠰᠤᠷᠭᠠᠭᠤᠯᠢ ᠵᠢᠴᠢ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠵᠤ᠂ 35 ᠨᠠᠰᠤᠨ ᠡᠴᠡ ᠲᠤᠷᠤᠭᠰᠢ ᠪᠠᠶᠢᠬᠤ ᠬᠡᠷᠡᠭᠲᠠᠢ᠃

    3᠂ ᠨᠡᠯᠢᠶᠡᠳ ᠰᠠᠶᠢᠨ ᠲᠤᠰᠬᠠᠢ ᠮᠡᠷᠭᠡᠵᠢᠯ ᠤᠨ ᠬᠢᠷᠢ ᠲᠦᠪᠰᠢᠨ ᠪᠠ ᠴᠢᠳᠠᠪᠤᠷᠢ ᠲᠠᠢ ᠪᠠᠶᠢᠵᠤ᠂ ᠲᠧᠯᠧᠶ᠋ᠰ ᠰᠤᠷᠪᠤᠯᠵᠢᠯᠠᠭ᠎ᠠ ᠨᠠᠶᠢᠷᠠᠭᠤᠯᠭ᠎ᠠ ᠡᠰᠡᠭᠦᠯ᠎ᠡ ᠰᠢᠨ᠎ᠡ ᠬᠡᠪᠯᠡᠯ ᠮᠡᠳᠡᠭᠡᠯᠡᠯ ᠤᠨ ᠰᠤᠷᠪᠤᠯᠵᠢᠯᠠᠭ᠎ᠠ ᠨᠠᠶᠢᠷᠠᠭᠤᠯᠭ᠎ᠠ ᠶᠢᠨ ᠠᠵᠢᠯ ᠤᠨ ᠲᠤᠷᠰᠢᠯᠭ᠎ᠠ ᠲᠠᠢ ᠬᠦᠮᠦᠰ ᠢ ᠤᠷᠢᠳᠠᠪᠠᠷ ᠪᠤᠳᠤᠯᠬᠢᠯᠠᠨ᠎ᠠ᠃

    4᠂ ᠪᠠᠭ ᠤᠨ ᠬᠠᠮᠲᠤᠷᠠᠨ ᠠᠵᠢᠯᠯᠠᠬᠤ ᠡᠷᠬᠢᠮ ᠴᠢᠨᠠᠷ ᠪᠠ ᠴᠢᠳᠠᠪᠤᠷᠢ ᠨᠡᠯᠢᠶᠡᠳ ᠰᠠᠶᠢᠨ ᠪᠠᠶᠢᠵᠤ᠂ ᠠᠵᠢᠯ ᠳᠦ ᠪᠠᠨ ᠬᠢᠨᠠᠮᠠᠭᠠᠢ᠂ ᠬᠠᠷᠢᠭᠤᠴᠠᠯᠭ᠎ᠠ ᠲᠠᠢ᠂ ᠢᠳᠡᠪᠬᠢᠲᠠᠢ᠂ ᠪᠦᠬᠦ ᠲᠠᠯ᠎ᠠ ᠢᠢ ᠪᠤᠳᠤᠯᠬᠢᠯᠠᠬᠤ ᠤᠬᠠᠨᠮᠰᠠᠶ ᠲᠠᠢ ᠪᠠᠶᠢᠬᠤ ᠬᠡᠷᠡᠭᠲᠠᠢ᠃

    5᠂ ᠨᠡᠯᠢᠶᠡᠳ ᠰᠠᠶᠢᠨ ᠰᠤᠷᠤᠯᠴᠠᠬᠤ ᠴᠢᠳᠠᠪᠤᠷᠢ ᠪᠠ ᠠᠰᠠᠭᠤᠳᠠᠯ ᠢ ᠰᠢᠶ᠋ᠳᠪᠦᠷᠢᠯᠡᠬᠦ ᠴᠢᠳᠠᠪᠤᠷᠢ ᠲᠠᠢ ᠪᠠᠶᠢᠬᠤ ᠬᠡᠷᠡᠭᠲᠠᠢ᠃

    ᠭᠤᠷᠪᠠ᠂ ᠨᠡᠷ᠎ᠡ ᠮᠡᠳᠡᠭᠦᠯᠬᠦ ᠠᠷᠭ᠎ᠠ᠄

    1᠂ ᠬᠤᠪᠢ ᠶᠢᠨ ᠨᠠᠮᠲᠠᠷ ᠢᠶᠡᠨ xhsyspbzp@163.com  ᠳᠦ ᠢᠯᠡᠭᠡᠨ᠎ᠡ᠃

    2᠂ 2017 ᠤᠨ ᠤ 4 ᠰᠠᠷ᠎ᠠ ᠶᠢᠨ 19 ᠤ ᠡᠳᠦᠷ ᠪᠤᠯᠲᠠᠯ᠎ᠠ ᠨᠡᠷ᠎ᠡ ᠮᠡᠳᠡᠭᠦᠯᠵᠤ ᠪᠤᠯᠤᠨ᠎ᠠ᠃

    3᠂ ᠬᠠᠷᠢᠯᠴᠠᠬᠤ ᠤᠳᠠᠰᠤ᠄ 010- 63072609

              ᠰᠢᠨᠬᠤᠧᠠ ᠬᠤᠷᠢᠶ᠎ᠠ ᠶᠢᠨ ᠸᠢᠳᠢᠣ᠋ ᠠᠦ᠋ᠳᠢᠣ᠋ ᠶᠢᠨ ᠬᠡᠯᠲᠡᠰ

                  2017 ᠤᠨ ᠤ 4 ᠰᠠᠷ᠎ᠠ ᠶᠢᠨ 12 ᠤᠨ ᠡᠳᠦᠷ (ᠳᠠᠳᠤᠯᠭ᠎ᠠ ᠶᠢᠨ ᠰᠤᠷᠤᠭᠴᠢ ᠳᠠᠨ᠎ᠠ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ  ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120802105