蒙古文网站Logo
ᠰᠢᠨᠬᠤᠸᠠ ᠮᠤᠩᠭ᠋ᠤᠯ ᠨᠧᠲ

2017 ᠤᠨ ᠤ ᠳᠡᠯᠡᠬᠡᠢ ᠶᠢᠨ ᠵᠢᠤᠳᠤᠤ ᠪᠦᠭᠡ ᠶᠢᠨ ᠱᠠᠩᠨᠠᠯᠲᠤ ᠲᠡᠮᠡᠴᠡᠭᠡᠨ ᠦᠪᠦᠷ ᠮᠤᠩᠭ᠋ᠤᠯ ᠳᠤ ᠶᠠᠪᠤᠭᠳᠠᠬᠤ ᠪᠡᠷ ᠪᠤᠢ

2017-04-13 10:56

    ᠰᠢᠨᠬᠤᠸᠠ ᠬᠤᠷᠢᠶ᠎ᠠ  ᠬᠦᠬᠡᠬᠤᠲᠠ ᠶᠢᠨ 4 ᠰᠠᠷ᠎ᠠ ᠶᠢᠨ12 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠢᠦᠢ ᠵᠢᠶᠠ) ᠰᠤᠷᠪᠤᠯᠵᠢᠯᠠᠭᠴᠢ 12 ᠤᠨ ᠡᠳᠦᠷ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ ᠂ 2017 ᠤᠨ ᠤ ᠳᠡᠯᠡᠬᠡᠢ ᠶᠢᠨ ᠵᠢᠤᠳᠤᠤ ᠪᠦᠭᠡ ᠶᠢᠨ ᠱᠠᠩᠨᠠᠯᠲᠤ ᠲᠡᠮᠡᠴᠡᠭᠡᠨ (ᠲᠤᠮᠳᠠᠲᠤ ᠤᠯᠤᠰ ᠤᠨ ᠦᠷᠲᠡᠭᠡ) 6 ᠰᠠᠷ᠎ᠠ ᠶᠢᠨ 30 ᠡᠴᠡ 7 ᠰᠠᠷ᠎ᠠ ᠶᠢᠨ 2 ᠤᠨ ᠡᠳᠦᠷ ᠪᠤᠯᠲᠠᠯ᠎ᠠ ᠦᠪᠦᠷ ᠮᠤᠩᠭ᠋ᠤᠯ ᠳᠤ ᠶᠠᠪᠤᠭᠳᠠᠬᠤ ᠪᠡᠷ ᠪᠤᠢ᠃ ᠤᠷᠢᠳᠴᠢᠯᠠᠨ ᠲᠤᠭᠠᠴᠠᠭᠠᠯᠠᠭᠰᠠᠨ ᠢᠶᠡᠷ᠂ 60 ᠭᠠᠷᠤᠢ ᠤᠯᠤᠰ ᠪᠤᠯᠤᠨ ᠪᠦᠰᠡ ᠨᠤᠲᠤᠭ ᠤᠨ 400 ᠤᠷᠴᠢᠮ  ᠲᠠᠮᠢᠷᠴᠢᠳ ᠲᠡᠮᠡᠴᠡᠭᠡᠨ ᠳᠤ ᠤᠷᠤᠯᠴᠠᠨ᠎ᠠ᠃

    ᠤᠯᠠᠨ ᠤᠯᠤᠰ  ᠤᠨ ᠵᠢᠤᠳᠤᠤ ᠪᠦᠬᠡ ᠶᠢᠨ ᠬᠤᠯᠪᠤᠭᠠᠲᠤ ᠬᠤᠷᠠᠯ ᠤᠨ ᠲᠡᠮᠡᠴᠡᠭᠡᠨ ᠤ ᠰᠠᠯᠪᠤᠷᠢ ᠶᠢᠨ ᠬᠠᠷᠢᠭᠤᠴᠠᠯᠭᠠᠲᠡᠨ ᠯᠢᠱᠠ᠂ ᠠᠢᠯᠦᠨ ᠤ ᠲᠠᠨᠢᠯᠴᠠᠭᠤᠯᠤᠭᠰᠠᠨ ᠢᠶᠡᠷ᠂2017 ᠤᠨ ᠤ ᠳᠡᠯᠡᠬᠡᠢ ᠶᠢᠨ ᠵᠢᠤᠳᠤᠤ ᠪᠦᠭᠡ ᠶᠢᠨ ᠱᠠᠩᠨᠠᠯᠲᠤ ᠲᠡᠮᠡᠴᠡᠭᠡᠨ (ᠲᠤᠮᠳᠠᠲᠤ ᠤᠯᠤᠰ ᠤᠨ ᠦᠷᠲᠡᠭᠡ) ᠪᠤᠯ 2020 ᠤᠨ ᠤ ᠲᠤᠤᠺᠢᠤ᠋ ᠶᠢᠨ ᠤᠯᠢᠮᠫᠢᠺ ᠶᠢᠨ ᠤᠷᠤᠯᠳᠤᠭᠠᠨ ᠤ ᠬᠤᠪᠢ ᠬᠤᠷᠠᠮᠲᠠᠭᠤᠯᠬᠤ ᠲᠡᠮᠡᠴᠡᠭᠡᠨ ᠤ ᠨᠢᠭᠡ᠂ ᠳᠡᠯᠡᠬᠡᠢ ᠶᠢᠨ ᠡᠯ᠎ᠡ ᠪᠦᠰᠡ ᠨᠤᠲᠤᠭ ᠤᠨ ᠵᠢᠤᠳᠤᠤ ᠪᠦᠬᠡ ᠶᠢᠨ ᠲᠠᠮᠢᠷᠴᠢᠳ ᠡᠷᠡᠭᠲᠡᠢ ᠡᠮᠡᠭᠲᠡᠢ ᠶᠢᠨ ᠪᠠᠭ ᠢᠶᠡᠷ ᠲᠤᠰ ᠲᠤᠰ 7 ᠲᠡᠰ ᠤᠨ ᠲᠡᠮᠡᠴᠡᠭᠡᠨ ᠢᠶᠡᠷ 3 ᠡᠳᠤᠷ ᠤᠨ ᠬᠤᠭᠤᠴᠠᠭ᠎ᠠ ᠲᠠᠢ ᠰᠢᠷᠦᠭᠦᠨ ᠦᠷᠢᠰᠦᠯᠳᠦᠨ᠎ᠠ᠃

    ᠵᠢᠤᠳᠤᠤ ᠪᠦᠬᠡ ᠪᠤᠯ ᠦᠪᠦᠷ ᠮᠤᠩᠭ᠋ᠤᠯ ᠤᠨ ᠳᠠᠪᠠᠭᠤᠯᠢᠭ ᠲᠡᠮᠡᠴᠡᠭᠡᠨ᠃ ᠦᠪᠦᠷ ᠮᠤᠩᠭ᠋ᠤᠯ ᠤᠨ ᠬᠦᠨᠳᠦ ᠬᠦᠩᠭᠡᠨ ᠵᠢᠤᠳᠤᠤ ᠪᠦᠬᠡ ᠶᠢᠨ ᠦᠱᠦ ᠲᠠᠮᠢᠷ ᠤᠨ ᠬᠠᠮᠢᠶᠠᠷᠤᠯᠲᠠ ᠶᠢᠨ ᠲᠦᠪ ᠤᠨ ᠡᠷᠬᠢᠯᠡᠭᠴᠢ ᠸᠧᠨ ᠵᠢᠶᠠᠩ᠄ 《ᠦᠪᠦᠷ ᠮᠤᠩᠭ᠋ᠤᠯ ᠤᠨ ᠵᠢᠤᠳᠤᠤ ᠪᠦᠬᠡ ᠶᠢᠨ ᠲᠠᠮᠢᠷᠴᠢᠳ ᠤᠯᠤᠰ ᠳᠠᠶᠠᠭᠠᠷ ᠤᠨ ᠲᠠᠮᠢᠷ ᠤᠨ ᠲᠡᠮᠡᠴᠡᠭᠡᠨ ᠳᠤ 8 ᠠᠯᠲᠠᠨ ᠮᠸᠲᠠᠯ ᠬᠦᠷᠲᠡᠵᠦ᠂ ᠤᠯᠤᠰ ᠤᠨ ᠵᠢᠤᠳᠤᠤ ᠪᠦᠭᠡ ᠶᠢᠨ ᠲᠠᠮᠢᠷᠴᠢᠳ ᠤᠨ ᠲᠤᠮᠳᠠ 300 ᠭᠠᠷᠤᠢ ᠨᠢ ᠦᠪᠦᠷ ᠮᠤᠩᠭ᠋ᠤᠯ ᠤᠨ ᠬᠢ ᠶᠤᠮ》 ᠬᠡᠪᠡ᠃ ( ᠳᠠᠳᠤᠯᠭ᠎᠎ᠠ ᠶᠢᠨ ᠰᠤᠷᠤᠭᠴᠢ ᠵᠢᠢ ᠶᠡᠨ ᠺᠦᠨ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120802632