蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠰᠢᠨᠬᠤᠸᠠ ᠨᠤᠮ ᠤᠨ ᠲᠡᠯᠭᠡᠭᠦᠷ 4 ᠰᠠᠷ᠎ᠠ ᠶᠢᠨ 22 ᠤᠨ ᠤᠷᠤᠢ ᠬᠢᠮᠲᠠᠷᠠᠯ ᠲᠠᠢ ᠨᠤᠮ ᠤᠨ ᠪᠤᠷᠤᠯᠠᠭᠤᠯᠭ᠎ᠠ ᠶᠠᠪᠤᠭᠤᠯᠤᠨ᠎ᠠ

2017-04-13 11:28

    ᠦᠪᠦᠷ ᠮᠤᠩᠭ᠋ᠤᠯ ᠤᠨ ᠰᠢᠨᠬᠤᠸᠠ ᠨᠤᠮ ᠤᠨ ᠲᠡᠯᠭᠡᠭᠦᠷ ᠪᠠᠢᠢᠭᠤᠯᠤᠭᠲᠠᠭᠰᠠᠨ 70 ᠵᠢᠯ ᠤᠨ ᠤᠢ ᠪᠠ ᠲᠡᠯᠡᠬᠡᠢ ᠶᠢᠨ ᠨᠤᠮ ᠤᠩᠰᠢᠬᠤ ᠡᠲᠦᠷ ᠲᠤᠬᠢᠶᠠᠬᠤ ᠪᠡᠷ ᠦᠪᠦᠷ ᠮᠤᠩᠭ᠋ᠤᠯ ᠤᠨ ᠰᠢᠨᠬᠤᠸᠠ ᠨᠤᠮ ᠤᠨ ᠲᠡᠯᠭᠡᠭᠦᠷ ᠪᠦᠬᠦ ᠨᠡᠢᠢᠲᠡ ᠶᠢᠨ ᠤᠩᠰᠢᠯᠭ᠎ᠠ ᠶᠢ ᠰᠤᠷᠲᠠᠯᠴᠢᠯᠠᠵᠤ᠂ ᠨᠤᠮ ᠤᠩᠰᠢᠯᠭ᠎ᠠ ᠶᠢᠨ ᠬᠠᠯᠠᠭᠤᠨ ᠦᠷᠨᠢᠯᠲᠡ ᠶᠢ ᠪᠤᠢ ᠪᠤᠯᠭᠠᠨ᠂ ᠪᠠᠢᠢᠩᠭ᠋ᠤ ᠬᠠᠯᠠᠮᠵᠢᠯᠠᠵᠤ ᠢᠷᠡᠭᠰᠡᠨ ᠤᠩᠰᠢᠭᠴᠢᠳ ᠲᠠᠭᠠᠨ ᠪᠠᠶᠠᠷᠯᠠᠵᠤ ᠲᠠᠯᠠᠷᠬᠠᠬᠤ ᠪᠡᠷ 2017 ᠤᠨ ᠤ 4 ᠰᠠᠷ᠎ᠠ ᠶᠢᠨ 22 ᠤᠨ ᠤᠷᠤᠢ ᠶᠢᠨ 8᠄ 00 ᠴᠠᠭ ᠡᠴᠡ 12 ᠴᠠᠭ ᠤᠨ ᠬᠤᠭᠤᠷᠤᠨᠲᠤ ᠬᠢᠮᠲᠠᠷᠠᠯ ᠲᠠᠢ ᠨᠤᠮ ᠤᠨ ᠪᠤᠷᠤᠯᠠᠭᠤᠯᠭ᠎ᠠ ᠶᠢᠨ ᠠᠵᠢᠯᠯᠠᠭ᠎ᠠ ᠶᠠᠪᠤᠭᠲᠠᠭᠤᠯᠬᠤ ᠪᠡᠷ ᠪᠠᠢᠢᠨ᠎ᠠ᠃

    ᠠᠵᠢᠯᠯᠠᠭᠠᠨ ᠤ ᠦᠶ᠎ᠠ ᠪᠡᠷ ᠨᠤᠮ ᠤᠨ ᠲᠡᠯᠭᠡᠭᠦᠷ ᠤᠨ ᠪᠦᠬᠦᠢᠢᠯᠡ ᠨᠤᠮ ᠢ 7 ᠨᠤᠭᠤᠯᠤᠨ ᠪᠤᠷᠤᠯᠠᠭᠤᠯᠬᠤ ᠪᠡᠷ ᠪᠠᠷᠠᠬᠤ ᠦᠭᠡᠢ ᠡᠯᠸᠺᠲ᠋ᠷᠤᠨ ᠪᠦᠲᠦᠭᠡᠭ᠍ᠲᠡᠬᠦᠨ᠂ ᠪᠢᠴᠢᠭ᠌ ᠤᠨ ᠬᠡᠷᠡᠭᠰᠡᠯ᠂ ᠺᠤᠹᠸ ᠵᠡᠷᠭᠡ ᠤᠮᠲᠠᠭᠠᠨ ᠤ ᠲᠦᠷᠦᠯ ᠢ ᠬᠢᠮᠲᠠ ᠪᠡᠷ ᠬᠤᠲᠠᠯᠲᠤᠨ ᠨᠤᠮ ᠤᠩᠰᠢᠯᠭ᠎ᠠ᠂ ᠢᠷᠠᠭᠤ ᠨᠠᠢᠢᠷᠠᠭ ᠤᠨ ᠨᠠᠭᠠᠲᠤᠮ᠂ ᠱᠠᠩᠨᠠᠯᠲᠤ ᠰᠤᠭᠤᠯᠤᠭ᠎ᠠ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠵᠤᠬᠢᠶᠠᠨ ᠪᠠᠢᠢᠭᠤᠯᠬᠤ ᠪᠤᠯᠤᠨ᠎ᠠ᠃ ᠲᠠ ᠪᠦᠬᠦᠨ ᠲᠤᠬᠠᠢ ᠶᠢᠨ ᠴᠠᠭ ᠲᠤᠨᠢ ᠠᠩᠬᠠᠷᠤᠯ ᠶᠢᠡᠨ ᠬᠠᠨᠲᠤᠭᠤᠯᠤᠭᠠᠷᠠᠢ!

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120803023