蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ 4.69 ᠳ᠋ᠦᠩᠰᠢᠭᠤᠷ ᠲᠦᠬᠦᠷᠢᠭ᠌ ᠤᠨ ᠪᠡᠯᠡ ᠤᠷᠤᠭᠤᠯᠵᠤ ᠬᠡᠤᠬᠡᠳ ᠤᠨ ᠬᠠᠶᠢᠨ ᠰᠢᠨᠵᠢᠯᠡᠬᠦ ᠮᠦᠽᠧᠢ ᠪᠠᠶᠢᠭᠤᠯᠬᠤ ᠪᠡᠷ ᠪᠤᠢ

2017-04-13 17:06

    ᠬᠦᠬᠡᠬᠤᠲᠠ ᠶᠢᠨ ᠬᠡᠤᠬᠡᠳ ᠤᠨ ᠬᠠᠶᠢᠨ ᠰᠢᠨᠵᠢᠯᠡᠬᠦ ᠮᠦᠽᠧᠢ ᠶᠢᠨ A1ᠤᠷᠳᠤᠨ 6 ᠰᠠᠷ᠎᠎ᠠ ᠶᠢᠨ 30 ᠤ ᠡᠳᠦᠷ ᠲᠤᠷᠰᠢᠨ ᠠᠰᠢᠭᠯᠠᠯᠲᠠ ᠳᠤ ᠤᠷᠤᠨ᠎ᠠ᠂ ᠤᠳᠤᠬᠠᠨ ᠳᠤ ᠡᠯ᠎ᠠ ᠲᠦᠰᠦᠯ  ᠶᠠᠭ ᠡᠷᠴᠢᠮᠳᠡᠢ ᠶᠠᠪᠤᠭᠳᠠᠵᠤ ᠪᠠᠶᠢᠨ᠎ᠠ᠃

    ᠬᠦᠬᠡᠬᠤᠲᠠ ᠶᠢᠨ ᠬᠡᠤᠬᠡᠳ ᠤᠨ ᠬᠠᠶᠢᠨ ᠰᠢᠨᠵᠢᠯᠡᠬᠦ ᠮᠦᠽᠧᠢ ᠬᠤᠳᠤᠡᠭ ᠠᠷᠠᠳ ᠤᠨ ᠲᠤᠭᠤᠷᠢᠭ ᠤᠨ ᠰᠢᠯᠢ ᠶᠢᠨ ᠭᠤᠤᠯ ᠡᠮᠦᠨᠡᠲᠤ ᠵᠡᠭᠡᠯᠢ ᠳᠡᠬᠢ ᠤᠤᠯ ᠤᠨ ᠪᠠᠭᠠᠴᠤᠳ ᠤᠨ ᠤᠷᠳᠤᠨ ᠤ ᠤᠷᠤᠨ ᠳᠤ ᠪᠠᠶᠢᠷᠢᠯᠠᠳᠠᠭ᠃ ᠬᠦᠬᠡᠬᠤᠲᠠ ᠶᠢᠨ ᠬᠡᠤᠬᠡᠳ ᠤᠨ ᠬᠠᠶᠢᠨ ᠰᠢᠨᠵᠢᠯᠡᠬᠦ ᠮᠦᠽᠧᠢ ᠶᠢᠨ ᠲᠦᠰᠦᠯ ᠳᠤ 4.69 ᠳ᠋ᠦᠩᠰᠢᠭᠤᠷ ᠲᠦᠬᠦᠷᠢᠭ᠌ ᠤᠨ ᠪᠡᠯᠡ ᠤᠷᠤᠭᠤᠯᠤᠯᠲᠠ ᠬᠢᠵᠤ᠂ ᠬᠤᠲᠠ ᠶᠢᠨ ᠵᠠᠰᠠᠭ ᠤᠨ ᠤᠷᠳᠤᠨ ᠪᠤᠯᠤᠨ ᠯᠤᠤ ᠨᠢᠦ᠋ ᠹᠤᠨᠳ᠋ ᠡᠴᠡ ᠬᠠᠮᠲᠤᠪᠠᠷ ᠪᠡᠯᠡ ᠤᠷᠤᠭᠤᠯᠵᠤ ᠪᠦᠲᠦᠭᠡᠨ ᠪᠠᠶᠢᠭᠤᠯᠵᠤ ᠪᠠᠶᠢᠨ᠎ᠠ᠃ ᠡᠵᠡᠯᠡᠬᠦ ᠲᠠᠯᠠᠪᠠᠢ 36 ᠮᠦ᠂ ᠪᠠᠷᠢᠯᠭ᠎ ᠠ ᠶᠢᠨ ᠲᠠᠯᠠᠪᠠᠢ  7.3 ᠲᠦᠮᠡᠨ ᠺᠦᠸᠠᠳ᠋ ᠮᠸᠲ᠋ᠷ᠂ ᠬᠡᠤᠬᠡᠳ ᠤᠨ ᠬᠠᠶᠢᠨ ᠰᠢᠨᠵᠢᠯᠡᠬᠦ ᠳᠤ ᠬᠦᠷᠦᠯᠴᠡᠵᠤ ᠴᠢᠳᠠᠬᠤ ᠪᠤᠯᠤᠯᠴᠠᠭ᠎ᠠ ᠪᠡᠷ ᠲᠦᠯᠦᠪᠯᠡᠵᠠᠢ᠃ ᠬᠦᠬᠡᠬᠤᠲᠠ ᠶᠢᠨ ᠭᠤᠤᠯᠳᠠᠯᠭ᠎ᠠ ᠲᠠᠢ ᠲᠦᠯᠦᠪᠯᠡᠯᠭᠡᠲᠤ ᠪᠦᠲᠦᠭᠡᠨ ᠪᠠᠶᠢᠭᠤᠯᠤᠯᠲᠠ ᠶᠢᠨ ᠢᠷᠭᠡᠳ ᠤᠨ ᠢᠨᠵᠸᠨ᠋ᠸᠷᠢᠩ ᠪᠤᠯᠤᠭᠰᠠᠨ ᠤ ᠬᠤᠪᠢ ᠳᠤ ᠬᠡᠤᠬᠡᠳ ᠤᠨ ᠬᠠᠶᠢᠨ ᠰᠢᠨᠵᠢᠯᠡᠬᠦ ᠮᠦᠽᠧᠢ ᠨᠢ ᠨᠡᠶᠢᠲᠡ ᠶᠢᠨ ᠬᠠᠯᠠᠮᠵᠢ ᠶᠢᠨ ᠲᠠᠯᠠᠪᠤᠷ ᠪᠤᠯᠬᠤ ᠪᠦᠭᠡᠳ ᠬᠤᠲᠠ ᠶᠢᠨ ᠢᠷᠭᠡᠳ ᠲᠤ ᠲᠦᠯᠦᠪᠦᠷᠢ ᠦᠭᠡᠢ ᠪᠡᠷ ᠨᠡᠭᠡᠭᠡᠨ᠎ᠠ᠃

    ᠤᠶᠢᠯᠠᠭᠠᠭᠰᠠᠨ ᠢᠶᠡᠷ᠂ ᠬᠡᠤᠬᠡᠳ ᠤᠨ ᠬᠠᠶᠢᠨ ᠰᠢᠨᠵᠢᠯᠡᠬᠦ ᠮᠦᠽᠧᠢ ᠶᠢᠨ ᠲᠦᠰᠦᠯ ᠨᠢ 5 ᠲᠠᠪᠬᠤᠷᠯᠢᠭ᠂ A1 ᠪᠠ A2 ᠨᠢ ᠮᠦᠸᠽᠢ᠂ A3 ᠳ᠋ᠤᠨᠢ ᠨᠡᠮᠡᠯᠲᠡ ᠦᠷᠦᠭᠡ᠂ ᠤᠮᠪᠠᠯᠲᠠ ᠶᠢᠨ ᠤᠷᠳᠤᠨ᠂ ᠬᠤᠭᠤᠯᠠᠨ ᠲᠠᠩᠬᠢᠮ᠂ ᠪᠠᠶᠢᠷᠢ ᠵᠡᠷᠭᠡ ᠲᠤᠬᠢᠷᠠᠭᠤᠯᠵᠤ᠂ B1᠂ B2 ᠳᠤᠨᠢ ᠴᠡᠴᠡᠷᠯᠢᠭ᠌ ᠪᠤᠯᠤᠨ ᠭᠠᠵᠠᠷ ᠳᠤᠤᠷᠠᠬᠢ ᠲᠡᠷᠭᠡᠨ ᠵᠤᠭᠰᠤᠭᠠᠯ ᠲᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120805503