蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ᠤᠨ 2017 ᠤᠨ ᠤ ᠡᠩ ᠤᠨ ᠶᠡᠬᠡ ᠳᠡᠭᠡᠳᠦ ᠰᠤᠷᠭᠠᠭᠤᠯᠢ ᠶᠢᠨ ᠡᠯᠰᠡᠯᠲᠡ ᠶᠢᠨ ᠤᠯᠤᠰ ᠳᠠᠶᠠᠭᠠᠷ ᠤᠨ ᠨᠢᠭᠡᠳᠦᠯᠲᠠᠢ ᠰᠢᠯᠭᠠᠯᠲᠠ ᠶᠢᠨ ᠴᠠᠭ ᠤᠨ ᠲᠤᠬᠢᠷᠠᠭᠤᠯᠭ᠎ᠠ ᠶᠢᠨ ᠮᠡᠳᠡᠭᠳᠡᠯ

2017-04-24 17:05

    ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ᠤᠨ 2017 ᠤᠨ ᠤ ᠡᠩ ᠤᠨ ᠶᠡᠬᠡ ᠳᠡᠭᠡᠳᠦ ᠰᠤᠷᠭᠠᠭᠤᠯᠢ ᠶᠢᠨ ᠡᠯᠰᠡᠯᠲᠡ ᠶᠢᠨ ᠤᠯᠤᠰ ᠳᠠᠶᠠᠭᠠᠷ ᠤᠨ ᠨᠢᠭᠡᠳᠦᠯᠲᠠᠢ ᠰᠢᠯᠭᠠᠯᠲᠠ ᠶᠢᠨ ᠴᠠᠭ ᠤᠨ ᠲᠤᠬᠢᠷᠠᠭᠤᠯᠭ᠎ᠠ ᠶᠢᠨ ᠮᠡᠳᠡᠭᠳᠡᠯ

                      ᠰᠤᠷᠭᠠᠯᠳᠠ ᠶᠢᠨ ᠲᠢᠩᠬᠢᠮ 〔2017〕 3 ᠳᠤᠭᠠᠳᠤ

    ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠶᠡᠬᠡ ᠳᠡᠭᠡᠳᠦ ᠰᠤᠷᠭᠠᠭᠤᠯᠢ ᠶᠢᠨ ᠡᠯᠰᠡᠯᠲᠡ ᠶᠢᠨ ᠨᠠᠮ ᠤᠨ ᠬᠤᠷᠢᠶ᠎ᠠ᠂ ᠰᠤᠷᠭᠠᠨ ᠬᠦᠮᠦᠵᠢᠯ ᠤᠨ ᠲᠢᠩᠬᠢᠮ( ᠰᠤᠷᠭᠠᠨ ᠬᠦᠮᠦᠵᠢᠯ ᠤᠨ ᠺᠤᠮᠢᠰ)᠄

    《ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ᠤᠨ 2017 ᠤᠨ ᠤ ᠡᠩ ᠤᠨ ᠶᠡᠬᠡ ᠳᠡᠭᠡᠳᠦ ᠰᠤᠷᠭᠠᠭᠤᠯᠢ ᠶᠢᠨ ᠡᠯᠰᠡᠯᠲᠡ ᠶᠢᠨ ᠠᠵᠢᠯ ᠤᠨ ᠮᠡᠳᠡᠭᠳᠡᠯ》(ᠰᠤᠷᠭᠠᠯᠳᠠ〔2017〕1 ᠳᠤᠭᠠᠳᠤ) ᠤ᠋ᠨ ᠱᠠᠭᠠᠷᠳᠠᠯᠭ᠎ᠠ ᠶᠤᠰᠤᠭᠠᠷ 2017 ᠤᠨ ᠤ ᠡᠩ ᠤᠨ ᠶᠡᠬᠡ ᠳᠡᠭᠡᠳᠦ ᠰᠤᠷᠭᠠᠭᠤᠯᠢ ᠶᠢᠨ ᠡᠯᠰᠡᠯᠲᠡ ᠶᠢᠨ ᠤᠯᠤᠰ ᠳᠠᠶᠠᠭᠠᠷ ᠤᠨ ᠨᠢᠭᠡᠳᠦᠯᠲᠠᠢ ᠰᠢᠯᠭᠠᠯᠲᠠ ᠶᠢᠨ ᠴᠠᠭ ᠢ ᠡᠶᠢᠨᠬᠦ ᠲᠤᠬᠢᠷᠠᠭᠤᠯᠪᠠ ᠄

    6 ᠰᠠᠷ᠎ᠠ ᠶᠢᠨ 7 ᠤ ᠡᠳᠦᠷ 9᠄ 00 - 11᠄ 30 ᠬᠢᠲᠠᠳ ᠬᠡᠯᠡ᠂ 15᠄ 00 – 17᠄ 00 ᠲᠤᠭᠠᠨ ᠤ ᠤᠬᠠᠭᠠᠨ

    6 ᠰᠠᠷ᠎ᠠ ᠶᠢᠨ 8 ᠤ ᠡᠳᠦᠷ 9᠄ 00 - 11᠄ 30 ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠰᠢᠯᠭᠠᠯᠲᠠ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠰᠢᠯᠭᠠᠯᠲᠠ᠂ 15᠄ 00 – 17᠄ 00 ᠭᠠᠳᠠᠭᠠᠳᠤ ᠬᠡᠯᠡ᠂ ᠭᠠᠳᠠᠭᠠᠳᠤ ᠬᠡᠯᠡᠨ ᠤ ᠰᠤᠨᠤᠰᠬᠤ ᠴᠢᠳᠠᠪᠤᠷᠢ ᠶᠢᠨ ᠰᠢᠯᠭᠠᠯᠲᠠ ᠶᠢ ᠭᠠᠳᠠᠭᠠᠳᠤ ᠬᠡᠯᠡᠨ ᠤ ᠪᠢᠷ ᠤᠨ ᠰᠢᠯᠭᠠᠯᠲᠠ ᠡᠴᠡ ᠡᠮᠦᠨ᠎ᠡ ᠰᠢᠯᠭᠠᠨ᠎ᠠ᠃

    ᠡᠯ᠎ᠡ ᠮᠤᠵᠢ (ᠤᠷᠤᠨ᠂ ᠬᠤᠲᠠ) ᠨᠢ ᠠᠳᠠᠯᠢ ᠬᠢᠴᠢᠶᠡᠯ ᠳᠦᠷᠦᠯ ᠤᠨ ᠰᠢᠯᠭᠠᠯᠲᠠ  ᠶᠢ ᠡᠷᠬᠡᠪᠰᠢ ᠤᠯᠤᠰ ᠳᠠᠶᠠᠭᠠᠷ ᠤᠨ ᠨᠢᠭᠡᠳᠦᠯᠲᠠᠢ ᠰᠢᠯᠭᠠᠯᠲᠠ ᠶᠢᠨ ᠴᠠᠭ ᠲᠠᠢ ᠵᠡᠷᠬᠡᠳᠡ ᠶᠠᠪᠤᠭᠤᠯᠬᠤ ᠬᠡᠷᠡᠭᠳᠡᠢ᠃ ᠪᠤᠳᠠᠲᠠᠢ ᠰᠢᠯᠭᠠᠯᠲᠠ ᠶᠢᠨ ᠬᠢᠴᠢᠶᠡᠯ ᠲᠦᠷᠦᠯ ᠤᠨ ᠴᠠᠭ ᠤᠨ ᠲᠤᠬᠢᠷᠠᠭᠤᠯᠭ᠎ᠠ ᠶᠢ ᠤᠯᠤᠰ ᠤᠨ ᠰᠤᠷᠭᠠᠨ ᠬᠦᠮᠦᠵᠢᠯ ᠤᠨ ᠰᠢᠯᠭᠠᠯᠲᠠ ᠶᠢᠨ ᠠᠵᠢᠯ ᠤᠨ ᠬᠠᠮᠢᠶᠠᠷᠤᠯᠲᠠ ᠶᠢᠨ ᠲᠠᠪᠴᠠᠩ ᠪᠡᠷ ᠳᠠᠮᠵᠢᠨ ᠰᠤᠷᠭᠠᠨ ᠬᠦᠮᠦᠵᠢᠯ ᠤᠨ ᠰᠢᠯᠭᠠᠯᠲᠠ ᠶᠢᠨ ᠲᠦᠪ ᠲᠤ ᠮᠡᠳᠡᠭᠦᠯᠦᠨ ᠳᠠᠩᠰᠠᠯᠠᠭᠤᠯᠪᠠᠯ ᠵᠤᠬᠢᠨ᠎ᠠ᠃

    ᠡᠯ᠎ᠡ ᠮᠤᠵᠢ (ᠤᠷᠤᠨ᠂ ᠬᠤᠲᠠ) ᠳᠡᠭᠡᠷᠡᠬᠢ ᠴᠠᠭ ᠤᠨ ᠲᠤᠬᠢᠷᠠᠭᠤᠯᠭ᠎ᠠ ᠪᠡᠷ ᠬᠠᠮᠢᠶ᠎ᠠ ᠪᠦᠬᠦᠢ ᠠᠵᠢᠯ ᠤᠨ ᠪᠠᠶᠢᠷᠠᠭᠤᠯᠤᠯᠲᠠ ᠪᠠᠨ ᠰᠠᠶᠢᠲᠤᠷ ᠬᠢᠬᠦ ᠶᠢᠨ ᠳᠠᠭᠠᠤ ᠴᠠᠭ ᠲᠤᠬᠠᠢ ᠳᠦᠨᠢ ᠨᠡᠶᠢᠭᠡᠮ ᠳᠦ ᠵᠠᠷᠯᠠᠬᠤ ᠬᠡᠷᠡᠭᠲᠠᠢ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

                           ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ

                           2017 ᠤᠨ ᠤ 4 ᠰᠠᠷ᠎ᠠ ᠶᠢᠨ 5 ᠤ ᠡᠳᠦᠷ

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120865264