蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭᠤᠯ᠄ 《5.1》 ᠤ ᠠᠮᠠᠷᠠᠯᠲᠠ ᠶᠢᠨ ᠬᠤᠭᠤᠴᠠᠭᠠᠨ ᠳᠤ ᠬᠤᠷᠳᠤᠨ ᠤ ᠵᠠᠮ ᠢᠶᠠᠷ ᠠᠶᠠᠯᠠᠬᠤ ᠵᠢᠵᠢᠭ᠌ ᠮᠠᠰᠢᠨ ᠲᠡᠷᠭᠡ ᠠᠴᠠ ᠲᠦᠯᠦᠪᠦᠷᠢ ᠬᠤᠷᠢᠶᠠᠬᠤ ᠦᠭᠡᠢ

2017-04-26 16:13

    《5.1》 ᠤ ᠠᠮᠠᠷᠠᠯᠲᠠ ᠶᠢᠨ ᠬᠤᠭᠤᠴᠠᠭᠠᠨ ᠳᠤ᠂ ᠦᠪᠦᠷ ᠮᠣᠩᠭᠣᠯ ᠤᠨ ᠬᠤᠷᠳᠤᠨ ᠤ ᠵᠠᠮ ᠢᠶᠠᠷ 7 ᠰᠠᠭᠤᠳᠠᠯ ᠠᠴᠠ ᠳᠤᠷᠤᠭᠰᠢᠬᠢ ᠵᠢᠵᠢᠭ᠌ ᠬᠡᠯᠪᠡᠷᠢ ᠶᠢᠨ ᠮᠠᠰᠢᠨ ᠲᠡᠷᠭᠡ ᠠᠶᠠᠯᠠᠬᠤ ᠳᠤ ᠲᠦᠯᠦᠪᠦᠷᠢ ᠬᠤᠷᠢᠶᠠᠬᠤ ᠦᠭᠡᠢ᠂ 4 ᠰᠠᠷ᠎ᠠ ᠶᠢᠨ 29 ᠤ ᠡᠳᠦᠷ ᠤᠨ ᠲᠡᠭ ᠴᠠᠭ ᠠᠴᠠ 5 ᠰᠠᠷ᠎ᠠ ᠶᠢᠨ 1 ᠤ ᠡᠳᠦᠷ ᠤᠨ 24 ᠴᠠᠭ ᠪᠣᠯᠲᠠᠯ᠎ᠠ᠂ ᠡᠩ ᠤᠨ ᠵᠠᠰᠠᠮᠠᠯ ᠵᠠᠮ ᠳᠤ ᠮᠠᠰᠢᠨ ᠲᠡᠷᠭᠡᠨ ᠤ ᠲᠦᠯᠦᠪᠦᠷᠢ ᠬᠤᠷᠢᠶᠠᠬᠤ ᠦᠷᠳᠡᠭᠡ ᠪᠠᠷ ᠦᠩᠭᠡᠷᠡᠬᠦ ᠴᠠᠭ ᠬᠤᠭᠤᠴᠠᠭ᠎ᠠ ᠪᠠᠷ ᠪᠠᠷᠢᠮᠵᠢᠶ᠎ᠠ ᠪᠤᠯᠭᠠᠵᠤ᠂ ᠬᠤᠷᠳᠤᠨ ᠤ ᠵᠠᠮ ᠳᠤ ᠮᠠᠰᠢᠨ ᠲᠡᠷᠭᠡᠨ ᠤ ᠲᠦᠯᠦᠪᠦᠷᠢ ᠬᠤᠷᠢᠶᠠᠬᠤ ᠵᠠᠮ ᠤᠨ ᠭᠠᠷᠴᠠ ᠪᠠᠷ ᠭᠠᠷᠤᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠃ ᠣᠶᠢᠯᠠᠭᠠᠭᠰᠠᠨ ᠢᠶᠠᠷ᠂ ᠲᠦᠯᠦᠪᠦᠷᠢ ᠥᠯᠥ ᠬᠤᠷᠢᠶᠠᠬᠤ ᠬᠤᠭᠤᠴᠠᠭᠠᠨ ᠳᠤ ᠬᠤᠷᠳᠤᠨ ᠤ ᠵᠠᠮ ᠠᠴᠠ ᠪᠠᠭᠤᠪᠠᠯ ᠴᠦᠮ ᠲᠦᠯᠦᠪᠦᠷᠢ ᠬᠤᠷᠢᠶᠠᠬᠤ ᠦᠭᠡᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120878425