蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠪᠤᠭᠤᠲᠤ ᠤᠷᠳᠤᠰ ᠵᠢᠴᠢ ᠡᠷᠬᠢᠨ ᠲᠤᠭᠤᠷᠢᠨ ᠤ ᠠᠶᠢᠮᠠᠭ ᠬᠤᠲᠠ ᠶᠢᠨ ᠴᠢᠳᠠᠪᠤᠷᠢᠲᠠᠨ ᠡᠯᠰᠡᠬᠦ ᠬᠠᠮᠳᠤᠷᠠᠬᠰᠠᠨ ᠴᠤᠭᠯᠠᠭᠠᠨ 6 ᠤ ᠡᠳᠦᠷ ᠶᠠᠪᠤᠭᠳᠠᠨ᠎ᠠ

2017-05-03 11:25

    ᠬᠦᠬᠡᠬᠤᠲᠠ ᠶᠢᠨ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠲᠤᠪᠴᠢᠶ᠎ᠠ ᠡᠴᠡ ᠰᠠᠨᠠᠭᠠᠴᠢᠯᠠᠵᠤ᠂ ᠬᠤᠲᠠ ᠶᠢᠨ ᠴᠢᠳᠠᠪᠤᠷᠢᠲᠠᠨ ᠤ ᠥᠢᠯᠡᠴᠢᠯᠡᠬᠡᠨ ᠤ ᠲᠦᠪ ᠪᠠ ᠡᠯ᠎ᠠ ᠠᠶᠢᠮᠠᠭ ᠬᠤᠲᠠ ᠶᠢᠨ ᠬᠦᠮᠦᠨ ᠤ ᠨᠦᠬᠡᠴᠡ ᠶᠢᠨ ᠥᠢᠯᠡᠴᠢᠯᠡᠬᠡᠨ ᠤ ᠪᠠᠶᠢᠭᠤᠯᠤᠮᠵᠢ ᠡᠴᠡ ᠵᠣᠬᠢᠶᠠᠨ ᠪᠠᠶᠢᠭᠤᠯᠤᠭᠰᠠᠨ 《ᠬᠦᠬᠡᠬᠤᠲᠠ ᠪᠤᠭᠤᠲᠤ ᠤᠷᠳᠤᠰ ᠵᠢᠴᠢ ᠡᠷᠬᠢᠨ ᠲᠤᠭᠤᠷᠢᠨ ᠤ ᠠᠶᠢᠮᠠᠭ ᠬᠤᠲᠠ ᠶᠢᠨ ᠴᠢᠳᠠᠪᠤᠷᠢᠲᠠᠨ ᠡᠯᠰᠡᠬᠦ ᠬᠠᠮᠳᠤᠷᠠᠬᠰᠠᠨ ᠴᠤᠭᠯᠠᠭᠠᠨ》5 ᠰᠠᠷ᠎ᠠ ᠶᠢᠨ 6 ᠤ ᠡᠳᠦᠷ ᠥᠪᠥᠷ ᠮᠣᠩᠭᠣᠯ ᠤᠨ ᠤᠯᠠᠨ ᠤᠯᠤᠰ ᠤᠨ ᠦᠵᠡᠰᠭᠦᠯᠡᠩ ᠤᠨ ᠲᠦᠪ ᠲᠤ ᠶᠠᠪᠤᠭᠳᠠᠨ᠎ᠠ᠃

    ᠲᠤᠰ ᠤᠳᠠᠭᠠᠨ ᠤ ᠴᠢᠳᠠᠪᠤᠷᠢᠲᠠᠨ ᠡᠯᠰᠡᠬᠦ ᠴᠤᠭᠯᠠᠭᠠᠨ ᠳᠤ᠂ ᠬᠦᠬᠡᠬᠤᠲᠠ ᠪᠤᠭᠤᠲᠤ ᠤᠷᠳᠤᠰ ᠵᠢᠴᠢ ᠡᠷᠬᠢᠨ ᠲᠤᠭᠤᠷᠢᠨ ᠤ ᠠᠶᠢᠮᠠᠭ ᠬᠤᠲᠠ ᠶᠢᠨ 600 ᠳᠤᠮᠳᠠ ᠪᠠᠭ᠎ᠠ ᠵᠢᠵᠢᠭ᠌ ᠠᠵᠤ ᠠᠬᠤᠶᠢᠯᠠᠯ ᠵᠢᠴᠢ ᠴᠢᠳᠡᠪᠤᠷᠢᠲᠠᠨ ᠬᠡᠷᠡᠭᠰᠡᠬᠦ ᠡᠯ᠎ᠠ ᠲᠦᠷᠦᠯ ᠤᠨ ᠪᠠᠶᠢᠭᠤᠯᠤᠯᠭ᠎ᠠ ᠤᠷᠤᠯᠴᠠᠬᠤ ᠪᠡᠷ ᠪᠤᠯᠵᠤ᠂ ᠬᠦᠨᠡᠰᠦ᠂ ᠬᠤᠭᠤᠯᠠ ᠤᠮᠳᠠ᠂ ᠡᠷᠦᠬᠡ ᠶᠢᠨ ᠥᠢᠯᠡᠴᠢᠯᠡᠭᠡ᠂ ᠬᠦᠳᠡᠯᠮᠦᠷᠢ ᠬᠦᠴᠦ᠂ ᠡᠨᠧᠷᠬᠢ᠂ ᠬᠢᠮᠢ ᠶᠢᠨ ᠠᠵᠤ ᠥᠢᠯᠡᠳᠪᠦᠷᠢ᠂ ᠴᠠᠬᠢᠯᠭᠠᠨ ᠡᠷᠴᠢᠮ ᠬᠦᠴᠦ᠂ ᠬᠦᠳᠡᠬᠡ ᠠᠵᠤ ᠠᠬᠤᠶᠢᠯᠠᠯ ᠵᠡᠷᠭᠡ ᠤᠯᠠᠨ ᠠᠵᠢᠯ ᠲᠦᠷᠦᠯ ᠢ ᠬᠠᠮᠤᠷᠤᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120910587